ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2021/8/25
       ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ 8 ᠰᠠᠷ᠎ᠠ ᠶᠢᠨ 23 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠨ ᠬᠥᠮᠦᠵᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ  ᠴᠢᠯᠦᠭᠡᠳᠦ ᠳᠡᠯᠭᠡᠭᠦᠷ ᠲᠤ ᠭᠦᠨᠵᠡᠭᠡᠶᠢᠷᠡᠨ᠂ ᠨᠠᠰᠤᠨ ᠳᠤ ᠥᠯᠥ ᠭᠦᠷᠦᠭᠰᠡᠳ ᠢ ᠠᠷᠢᠬᠢ ᠲᠠᠮᠠᠬᠢᠨ ᠤ ᠬᠤᠤᠷ ᠬᠥᠨᠥᠭᠡᠯ ᠳᠤ ᠤᠴᠠᠷᠠᠭᠤᠯᠬᠤ ᠥᠬᠡᠶ ᠪᠠᠷ ︽ ᠬᠢᠨᠠᠨ ᠬᠠᠮᠠᠭᠠᠯᠠᠵᠤ ᠥᠰᠬᠡᠨ ᠪᠤᠶᠢᠵᠢᠭᠤᠯᠬᠤ︾ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃        ᠨᠠᠰᠤᠨ ᠳᠤ ᠦᠯᠦ ᠬᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢᠨ ᠬᠤᠣᠷ ᠬᠥᠨᠥᠭᠡᠯ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠡᠵᠡᠩᠨᠡᠭᠴᠢᠳ ᠲᠤ ᠬᠡᠯᠡᠵᠦ  ᠦᠭᠬᠦᠨ᠎ᠡ        ᠲᠣᠰ ᠤᠳᠠᠭᠠᠨ ᠤ ᠠᠵᠢᠯᠯᠠᠭ᠎ᠠ ᠳᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠴᠢᠯᠦᠭᠡᠳᠦ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠬᠤᠳᠠᠯᠳᠤᠬᠤ ᠶᠢ ᠴᠠᠭᠠᠵᠠᠯᠠᠭᠰᠠᠨ ᠲᠡᠮᠳᠡᠭ ᠲᠠᠯᠪᠢᠭᠰᠠᠨ ᠡᠰᠡᠬᠦ᠂ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢᠨ ᠤ ᠲᠥᠷᠥᠯ ᠤᠨ ᠲᠠᠸᠠᠷ ᠪᠣᠷᠣᠯᠠᠭᠤᠯᠤᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠵᠦᠢᠯᠡᠰ ᠢ ᠭᠤᠤᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠴᠢᠯᠦᠭᠡᠳᠦ ᠳᠡᠯᠭᠡᠭᠦᠷ ᠤᠨ ᠡᠵᠡᠩᠨᠡᠭᠴᠢᠳ ᠲᠤ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢᠨ ᠬᠤᠤᠷ ᠬᠥᠨᠥᠭᠡᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠮᠡᠳᠡᠭᠳᠡᠵᠦ᠂ ᠡᠵᠡᠩᠨᠡᠭᠴᠢᠳ ᠤᠨ ᠪᠡᠶᠡᠴᠢ ᠴᠣᠭᠴᠠ ᠶᠢᠨ ᠡᠭᠦᠷᠭᠡ ᠪᠠᠨ ᠦᠨᠡᠨ ᠬᠦ  ᠬᠦᠢᠴᠡᠳᠬᠡᠬᠦ ᠶᠢ  ᠱᠠᠭᠠᠷᠳᠠᠵᠤ᠂ ᠡᠵᠡᠩᠨᠡᠯᠲᠡ ᠶᠢᠨ ᠠᠵᠢᠯᠯᠠᠭ᠎ᠠ ᠪᠠᠨ ᠤᠯᠠᠮ ᠨᠢᠭᠡ ᠠᠯᠬᠤᠮ ᠵᠢᠷᠤᠮᠵᠢᠭᠤᠯᠵᠠᠶ᠃    ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ︽ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠶᠢ ᠤᠯᠠᠮ ᠨᠢᠭᠡ ᠠᠯᠬᠤᠮ ᠲᠤᠤᠱᠯᠠᠭᠤᠯᠤᠨ  ᠨᠠᠶᠢᠳᠠᠪᠣᠷᠢᠵᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号