ᠡᠷᠢᠶᠡᠨ ᠬᠤᠲᠠ  ᠪᠥᠬᠦ ᠤᠯᠤᠰ ᠤᠨ ᠪᠣᠯᠪᠠᠰᠤᠨ ᠬᠤᠲᠠ ᠶᠢ ᠪᠦᠳᠦᠬᠡᠨ ᠪᠠᠶᠢᠭᠤᠯᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/26
          8 ᠰᠠᠷ᠎ᠠ ᠶᠢᠨ 24 ᠤ ᠡᠳᠦᠷ᠂ ᠮᠠᠨ ᠤ ᠬᠤᠲᠠ ᠪᠥᠬᠦ ᠤᠯᠤᠰ ᠤᠨ ᠪᠣᠯᠪᠠᠰᠤᠨ ᠬᠤᠲᠠ ᠶᠢ ᠪᠦᠳᠦᠬᠡᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠵᠦ᠂ ᠵᠠᠮ ᠬᠠᠷᠢᠯᠴᠠᠭᠠᠨ ᠤ ᠡᠮᠬᠢ ᠵᠢᠷᠤᠮ ᠢ ᠴᠡᠭᠴᠡᠯᠡᠨ ᠵᠠᠰᠠᠬᠤ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠫᠠᠶᠢᠰᠠ ᠣᠭᠰᠠᠷᠠᠬᠤ ᠬᠠᠮᠢᠶᠠᠷᠤᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃
  ᠬᠤᠷᠠᠯ ᠤᠨ ᠠᠬᠤᠶ ᠲᠠᠯᠠᠪᠠᠢ
   ᠤᠯᠠᠭᠠᠨ ᠶᠠᠷᠢᠶ᠎ᠠ ᠲᠠᠯᠪᠢᠪᠠ    ᠤᠯᠠᠭᠠᠨ ᠠᠴᠠ᠂ ᠪᠥᠬᠦ ᠤᠯᠤᠰ ᠤᠨ ᠪᠣᠯᠪᠠᠰᠤᠨ ᠬᠤᠲᠠ ᠶᠢ ᠪᠦᠳᠦᠬᠡᠨ ᠪᠠᠶᠢᠭᠤᠯᠬᠤ ᠪᠣᠯ ᠨᠢᠭᠡᠨ ᠣᠷᠳᠣ ᠬᠤᠭᠤᠴᠠᠭᠠᠨ ᠤ ᠰᠢᠰᠲ᠋ᠧᠮᠲᠦ ᠢᠨᠵᠧᠨᠧᠷᠢᠩ ᠮᠥᠨ᠂ ᠨᠠᠩ ᠴᠤ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠢ ᠣᠯᠤᠭᠰᠠᠨ ᠠᠷᠠᠳ ᠲᠤ ᠠᠰᠢᠭᠲᠠᠶ ᠢᠨᠵᠧᠨᠧᠷᠢᠩ᠂ ᠪᠣᠳᠠᠲᠤ ᠶᠠᠪᠤᠳᠠᠯ ᠤᠨ ᠢᠨᠵᠧᠨᠧᠷᠢᠩ ᠮᠥᠨ᠃ ᠵᠠᠮ ᠬᠠᠷᠢᠯᠴᠠᠭᠠᠨ ᠤ ᠡᠮᠬᠢ ᠵᠢᠷᠤᠮ ᠪᠣᠯ ᠪᠣᠯᠪᠠᠰᠣᠨ ᠬᠤᠳᠠ ᠶᠢᠨ ᠳᠦᠷᠢ ᠳᠦᠷᠬᠦ ᠲᠠᠢ ᠰᠢᠭᠤᠳ ᠬᠤᠯᠪᠣᠭᠳᠠᠨ᠎ᠠ᠂ ᠪᠣᠯᠪᠠᠰᠤᠨ ᠬᠤᠳᠠ ᠶᠢ ᠪᠦᠳᠦᠬᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠ ᠶᠢ ᠪᠦᠳᠦᠬᠡᠨ ᠪᠠᠶᠢᠭᠤᠯᠬᠤ ᠠᠵᠢᠯ ᠢ ᠨᠢᠭᠡᠨ ᠲᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠯᠠᠭ᠎ᠠ ᠮᠥᠴᠢᠷ ᠤᠨ ᠬᠢᠨ ᠨᠢᠭᠡ ᠰᠡᠳᠬᠢᠯ ᠨᠢᠭᠡ ᠵᠣᠷᠢᠭ ᠢᠶᠠᠷ  ᠪᠦᠳᠦᠬᠡᠨ ᠪᠠᠶᠢᠭᠤᠯᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠶᠢ ᠡᠷᠬᠡᠪᠰᠢ ᠪᠡᠶᠡᠯᠡᠭᠦᠯᠬᠦ ᠬᠡᠷᠡᠭᠲᠡᠶ ᠭᠡᠪᠡ  ᠃    ᠤᠯᠠᠭᠠᠨ ᠪᠠᠰᠠ᠂ ᠴᠠᠬᠢᠯᠭᠠᠨ ᠬᠥᠳᠡᠯᠭᠡᠭᠦᠷᠲᠦ ᠲᠡᠷᠭᠡ ᠳᠤ ᠫᠠᠶᠢᠰᠠ ᠣᠭᠰᠠᠷᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠣᠷᠢᠯᠡᠵᠦ᠂ ᠵᠠᠮ ᠳᠤ ᠭᠠᠷᠬᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠦᠬᠦᠨ ᠢ ᠫᠠᠶᠢᠰᠠ ᠣᠭᠰᠠᠷᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠬᠤᠳᠠᠯᠳᠤᠭᠠᠴᠢᠨ ᠢ ᠬᠥᠲᠥᠯᠦᠨ ᠵᠢᠯᠣᠭᠤᠳᠴᠤ ᠪᠠᠶᠢᠭᠠᠳ ︽ᠫᠠᠶᠢᠰᠠ ᠲᠠᠢ ᠪᠠᠷ ᠪᠣᠷᠣᠯᠠᠭᠤᠯᠬᠤ︾ ᠶᠢ ᠬᠡᠷᠡᠭᠵᠢᠭᠦᠯᠬᠦ ᠬᠡᠷᠡᠭᠲᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ ᠲᠠᠯᠪᠢᠬᠤ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠵᠡᠭᠡᠯᠢ ᠳᠡᠭᠡᠷ᠎ᠡ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠴᠡᠭᠴᠡᠯᠡᠨ ᠵᠠᠰᠠᠵᠤ᠂ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠬᠤ ᠶᠢ ᠪᠠᠲᠤᠯᠠᠬᠤ ᠬᠡᠷᠡᠭᠲᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠰᠥᠷᠴᠦ ᠶᠠᠪᠤᠬᠤ᠂ ᠳᠤᠷ᠎ᠠ ᠪᠠᠷ ᠢᠶᠠᠨ ᠶᠠᠪᠤᠬᠤ ᠵᠡᠷᠭᠡ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠲᠤᠬᠠᠶ ᠶᠢᠨ ᠲᠠᠯᠠᠪᠤᠷ ᠲᠤ ᠪᠤᠶᠤ ᠬᠢᠨᠠᠨ ᠡᠵᠡᠮᠳᠡᠵᠦ ᠵᠠᠪᠳᠤᠨ ᠰᠡᠭᠦᠳᠡᠷᠯᠡᠬᠦ ᠵᠡᠷᠭᠡ ᠬᠡᠯᠪᠡᠷᠢ ᠶᠢ ᠠᠪᠴᠤ᠂ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠬᠡᠷᠡᠭᠲᠡᠶ︔ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠸᠢᠴᠠᠲ ᠤᠨ ᠨᠡᠶᠢᠲᠡ ᠶᠢᠨ ᠳ᠋ᠤᠭᠠᠷ᠂ ᠰᠣᠨᠢᠨ᠂ ᠲᠧᠯᠸᠢᠰ ᠪᠠ ᠪᠤᠰᠤᠳ ᠤᠬᠠᠭᠤᠯᠬᠤ ᠲᠠᠪᠴᠠᠩ ᠢᠶᠠᠷ ᠳᠠᠮᠵᠢᠭᠤᠯᠤᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠲᠡᠷᠭᠡ ᠵᠢᠯᠣᠭᠤᠳᠬᠤ᠂ ᠲᠡᠷᠭᠡ ᠪᠠᠨ ᠵᠢᠷᠤᠮᠵᠢᠭᠤᠯᠤᠨ ᠵᠣᠭᠰᠣᠭᠠᠬᠤ ᠰᠠᠶᠢᠬᠠᠨ ᠳᠠᠳᠬᠠᠯ ᠲᠠᠢ ᠪᠣᠯᠭᠠᠵᠤ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠲᠠᠶᠠᠭᠳᠠᠵᠤ᠂ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠬᠤᠲᠠ ᠶᠢᠨ ᠪᠣᠯᠪᠠᠰᠤᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠯᠪᠠᠰᠤᠨ ᠢ  ᠪᠦᠳᠦᠬᠡᠨ ᠪᠠᠶᠢᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠬᠡᠵᠦ ᠱᠠᠭᠠᠷᠳᠠᠪᠠ᠃    ᠬᠤᠷᠠᠯ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ᠂ ᠬᠠᠮ ᠵᠠᠭᠤᠴᠢᠯᠠᠭᠤᠷ ᠤᠨ ᠲᠥᠪ ᠵᠡᠷᠭᠡ ᠨᠢᠭᠡᠴᠡ ᠲᠣᠰ ᠲᠣᠰ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠲᠠ ᠶᠢᠨ ᠪᠣᠯᠪᠠᠰᠣᠨ ᠬᠤᠳᠠ ᠶᠢ ᠪᠦᠳᠦᠬᠡᠨ ᠪᠠᠶᠢᠭᠤᠯᠬᠤ ᠠᠯᠪᠠᠨ ᠬᠡᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号