ᠯᠢᠦ ᡁᠢ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/3
    8 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠬᠠᠮᠤᠭ ᠤᠨ ᠰᠢᠨ᠎ᠡ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠣᠳᠣᠬᠠᠨ ᠤ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠰᠤᠳᠤᠯᠵᠤ ᠳᠠᠬᠢᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ᠂ ᠬᠤᠲᠠ ᠶᠢᠨ ᠳᠡᠳ᠋ ᠳᠠᠷᠤᠭ᠎ᠠ ᠴᠣᠭᠵᠢᠯ᠂ ᠵᠢᠷᠦᠬᠡ᠂ ᠵᠠᠩ ᠶᠢᠩ ᠵᠢᠶᠧ ᠬᠤᠷᠠᠯ ᠳᠤ ᠣᠷᠣᠯᠴᠠᠵᠠᠶ᠃
   
                            ᠬᠤᠷᠠᠯ ᠤᠨ ᠠᠬᠤᠶ ᠲᠠᠯᠠᠪᠠᠢ    ᠬᠤᠷᠠᠯ ᠠᠴᠠ ︽ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ᠢ ᠣᠯᠠᠮᠵᠢᠯᠠᠨ ᠳᠠᠮᠵᠢᠭᠤᠯᠵᠣ᠂ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
                      ᠯᠢᠦ ᡁᠢ ᠫᠢᠩ ᠶᠠᠷᠢᠶ᠎ᠠ ᠳᠠᠯᠪᠢᠵᠣ ᠪᠠᠶᠢᠭ᠎ᠠ      ᠯᠢᠦ ᡁᠢ ᠫᠢᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠠᠴᠠ ᠪᠣᠯᠤᠭᠰᠠᠨ ᠲᠤᠰ ᠭᠠᠵᠠᠷ ᠣᠷᠣᠨ ᠤ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠨᠢᠭᠡᠨᠲᠡ ᠣᠯᠠᠨ ᠮᠤᠵᠢ ᠣᠷᠣᠨ ᠢ ᠬᠠᠮᠤᠷᠴᠤ᠂ ᠮᠠᠨ ᠤ ᠬᠤᠲᠠ ᠶᠢᠨ ᠭᠠᠳᠠᠨ᠎ᠠ ᠠᠴᠠ ᠣᠷᠣᠵᠣ ᠢᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠪᠥᠬᠦ ᠲᠠᠯ᠎ᠠ ᠪᠠᠷ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠭᠦ ᠶᠢ ᠰᠡᠷᠭᠡᠶᠢᠯᠡᠬᠦ᠂ ᠬᠥᠮᠦᠨ ᠪᠣᠳᠠᠰ ᠢ ᠬᠠᠮᠲᠤ ᠳᠤᠨᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠯᠳᠠᠰᠢ ᠭᠠᠷᠬᠤ ᠶᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠳᠠᠬᠢᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠱᠤᠭᠤᠮ ᠢ ᠪᠠᠲᠤ ᠰᠠᠬᠢᠬᠤ ᠬᠡᠷᠡᠭᠳᠡᠢ᠃ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠠᠲᠤᠳᠬᠠᠨ᠂ ᠭᠤᠤᠯᠳᠠᠯᠭ᠎ᠠ ᠲᠠᠢ ᠬᠥᠮᠦᠰ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠳᠠ ᠶᠢ ᠴᠢᠩᠭᠠᠳᠬᠠᠵᠤ᠂ ᠣᠶᠢᠷ᠎ᠠ ᠶᠢᠨ ᠬᠤᠭᠤᠴᠠᠭᠠᠨ ᠳᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠢᠷᠡᠬᠦ ᠬᠥᠮᠦᠰ ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠠᠮᠢᠶᠠᠷᠤᠯᠲᠠ ᠶᠢ ᠣᠷᠬᠢᠭᠳᠠᠭᠤᠯᠬᠤ ᠥᠬᠡᠶ᠂ ᠰᠠᠯᠠᠭᠳᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠢᠬᠤᠯᠠ ᠪᠣᠭᠤᠮᠲᠠ ᠬᠤᠷᠢᠭ᠎ᠠ ᠶᠢ ᠪᠠᠲᠤ ᠰᠠᠬᠢᠵᠤ᠂ ᠭᠠᠯᠳᠣ ᠳᠡᠷᠭᠡ ᠮᠠᠰᠢᠨ ᠳᠡᠷᠭᠡᠨ ᠦᠷᠳᠡᠭᠡ ᠪᠠ ᠨᠢᠰᠭᠡᠯ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠭᠠᠵᠠᠷ ᠢ ᠨᠢᠭᠳᠠ ᠠᠩᠬᠠᠷᠴᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠪᠣᠭᠤᠮᠲᠠ ᠶᠢ ᠪᠠᠲᠤ ᠰᠠᠬᠢᠬᠤ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠳᠣᠬᠢᠷᠠᠭᠤᠯᠣᠯᠳᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠷᠢᠭᠤᠴᠠᠯᠭ᠎ᠠ ᠶᠢ ᠴᠢᠩᠭᠠᠯᠠᠬᠤ ᠬᠡᠷᠡᠭᠲᠡᠢ᠃ ᠣᠲᠣ ᠶᠢᠨ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ ᠮᠥᠷᠲᠡᠭᠡᠨ ᠨᠠᠩ ᠴᠤ ᠲᠦᠷᠭᠡᠨ᠂ ᠬᠦᠴᠦᠲᠡᠶ᠂ ᠴᠢᠩᠭ᠎ᠠ᠂ ᠦᠷᠭᠡᠨ᠂ ᠭᠦᠶ᠋ᠴᠡᠳ ︵ᠳᠠᠷᠤᠶ ᠲᠦᠷᠭᠡᠨ ᠴᠣᠣᠷᠢᠶᠠᠳᠣᠨ ᠳᠠᠭᠠᠬᠤ᠂ ᠴᠢᠩᠭ᠎ᠠ ᠬᠠᠮᠢᠶᠠᠷᠤᠨ ᠡᠵᠡᠮᠳᠡᠬᠦ᠂ ᠴᠢᠩᠭ᠎ᠠ ᠠᠷᠭ᠎ᠠ ᠬᠡᠮᠵᠢᠶ᠎ᠡ ᠠᠪᠬᠤ᠂ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠣᠨᠣᠪᠴᠢᠲᠠᠶ ᠥᠷᠭᠡᠳᠬᠡᠬᠦ᠂ ᠲᠤᠰᠠᠭᠠᠷᠯᠠᠬᠤ ᠲᠠᠯᠠᠪᠤᠷ ᠢ ᠭᠦᠶ᠋ᠴᠡᠳ ᠪᠡᠯᠡᠳᠬᠡᠬᠦ︶ ᠱᠠᠭᠠᠷᠳᠠᠯᠭ᠎ᠠ ᠶᠢ ᠳᠣᠪᠤᠶᠢᠯᠭᠠᠵᠤ᠂ ᠳᠣᠰᠠᠭᠠᠷᠯᠠᠬᠤ ᠴᠢᠬᠤᠯᠠᠳᠠᠢ  ᠶᠢ ᠨᠢ ᠵᠠᠪᠠᠯ ᠳᠣᠰᠠᠭᠠᠷᠯᠠᠵᠣ᠂ ᠪᠠᠴᠢᠮ ᠪᠠᠶᠢᠳᠠᠯ ᠢ ᠠᠷᠭᠠᠴᠠᠬᠤ ᠪᠠ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠸᠢᠷᠦ᠋ᠰ ᠠᠴᠠ ᠡᠮᠦᠨ᠎ᠡ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠶ ᠭᠡᠵᠡᠢ᠃
 
                              ᠯᠦ ᠪᠦᠦ ᠳ᠋ᠦᠩ ᠶᠠᠷᠢᠶ᠎ᠠ ᠳᠠᠯᠪᠢᠵᠣ ᠪᠠᠶᠢᠭ᠎ᠠ          ᠬᠤᠷᠠᠯ ᠳᠡᠭᠡᠷ᠎ᠡ᠂ ᠯᠦ ᠪᠦᠦ ᠳ᠋ᠦᠩ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠡᠷᠬᠢᠨ ᠴᠢᠩᠭ᠎ᠠ ᠪᠣᠳᠠᠲᠠᠶᠢᠵᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠯ ᠤᠨ ᠦᠵᠡᠯ ᠰᠠᠨᠠᠭ᠎ᠠ ᠶᠢ ᠲᠡᠪᠴᠢᠵᠦ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠳᠥᠷᠪᠡᠨ ᠡᠷᠳᠡ ᠬᠦᠳᠡᠯᠦᠯᠴᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠦᠭᠡᠶ ᠪᠠᠷ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠶ ᠭᠡᠵᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号