| | ᠡᠨᠡ ᠵᠢᠯ ᠤᠨ ᠲᠦᠷᠦᠭᠦᠦ 7 ᠰᠠᠷ᠎ᠠ ᠳᠤ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠳᠤ ᠲᠣᠭᠲᠠᠭᠤᠨ ᠤ | ᠳᠤᠮᠳᠠ ᠠᠬᠢᠯᠳᠠ ᠲᠠᠢ ᠬᠥᠭᠵᠢᠯᠲᠡ ᠶᠢᠨ ᠪᠠᠶᠢᠳᠠᠯ ᠢᠯᠡᠷᠡᠵᠡᠢ᠃ ᠡᠷᠢᠶᠡᠨ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ | ᠲᠦᠷᠦᠭᠦᠤ 7 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠥᠷᠲᠡᠭ 190.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 39.4% ᠪᠠᠷ ᠨᠡᠮᠡᠭᠳᠡᠵᠡᠶ᠃ ᠡᠭᠦᠨ ᠤ ᠳᠣᠲᠣᠷ᠎ᠠ᠂ ᠭᠠᠳᠠᠭᠠᠳᠤ ᠠᠴᠠ ᠣᠷᠣᠭᠤᠯᠬᠤ | ᠠᠷᠠᠯᠵᠢᠶᠠᠨ ᠤ ᠦᠷᠳᠡᠭ 135.2 ᠳ᠋ᠦᠩᠰᠢᠭᠤᠷ ᠲᠥᠭᠦᠷᠢᠭ ᠲᠤ ᠬᠦᠷᠴᠦ᠂ 44.7% ᠪᠠᠷ ᠨᠡᠮᠡᠭᠳᠡᠪᠡ︔ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠷᠳᠡᠭ 54.9 ᠳ᠋ᠦᠩᠰᠢᠭᠤᠷ ᠲᠥᠭᠦᠷᠢᠭ ᠲᠤ ᠬᠦᠷᠴᠦ᠂ 27.8% ᠪᠠᠷ | ᠨᠡᠮᠡᠭᠳᠡᠪᠡ᠃ | | | | | | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠤᠯᠤᠰ ᠤᠨ ᠡᠬᠦᠳᠠ ᠪᠠᠷ ᠦᠩᠬᠡᠷᠡᠵᠦ ᠪᠠᠶᠢᠭ᠎ᠠ ᠨᠢ | | | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠲᠤᠯᠠᠵᠤ᠂ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠬᠦ ᠶᠢᠨ ᠲᠤᠰᠠᠳᠠ᠂ ᠬᠤᠳᠠᠯᠳᠤᠭᠠᠨ ᠤ ᠶᠠᠪᠤᠳᠠᠯ ᠤᠨ | ᠰᠠᠯᠠᠭ᠎ᠠ ᠮᠥᠴᠢᠷ᠂ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠡ ᠨᠦᠭᠦᠳ ᠮᠣᠩᠭᠤᠯ ᠤᠯᠤᠰ ᠤᠨ ᠲᠡᠮᠦᠷ | ᠵᠠᠮ ᠤᠨ ᠰᠠᠯᠠᠭ᠎ᠠ ᠮᠥᠴᠢᠷ ᠯᠦᠭᠡ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ︽ᠲᠦᠷᠭᠡᠨ ᠬᠢᠨᠠᠬᠤ᠂ ᠲᠦᠷᠭᠡᠨ | ᠪᠠᠶᠢᠴᠠᠭᠠᠬᠤ᠂ ᠲᠦᠷᠭᠡᠨ ᠰᠢᠯᠭᠠᠬᠤ᠂ ᠲᠦᠷᠭᠡᠨ ᠶᠠᠪᠤᠭᠤᠯᠬᠤ︾ ᠪᠣᠭᠤᠮᠲᠠ ᠪᠠᠷ ᠥᠩᠭᠡᠷᠡᠭᠦᠯᠬᠦ ᠵᠠᠭᠪᠤᠷ ᠢ ᠢᠳᠡᠪᠬᠢᠲᠡᠶ | ᠬᠡᠷᠡᠭᠵᠢᠭᠦᠯᠵᠦ᠂ ᠠᠵᠤ ᠠᠬᠤᠶᠢᠯᠠᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠪᠠᠷ | ᠥᠩᠭᠡᠷᠡᠭᠦᠯᠬᠦ ᠭᠠᠷᠳᠠᠮ ᠢ ᠤᠷᠢᠳᠠᠪᠠᠷ ᠬᠦᠢᠴᠡᠳᠬᠡᠵᠦ᠂ ᠳᠤᠮᠳᠠᠳᠤ ᠧᠦ᠋ᠷᠣᠫᠠ ᠶᠢᠨ ᠡᠭᠡᠯᠵᠢᠨ ᠤ ᠴᠤᠪᠤᠭ᠎ᠠ ᠲᠡᠷᠭᠡ ᠶᠢᠨ 7 | × 24 ᠴᠠᠭ ᠲᠤ ᠪᠣᠭᠤᠮᠲᠠ ᠪᠠᠷ ᠤᠷᠢᠳᠴᠢᠯᠠᠨ ᠥᠩᠭᠡᠷᠡᠭᠦᠯᠬᠦ ᠵᠠᠭᠪᠤᠷ ᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ | ︽ᠥᠴᠦᠬᠡᠨ ᠴᠦ ᠬᠤᠶᠢᠰᠢᠯᠠᠭᠤᠯᠬᠤ ᠥᠬᠡᠶ︾ ᠶᠢ ᠦᠨᠡᠨᠬᠦ ᠪᠠᠲᠤᠯᠠᠨ᠎ᠠ᠃ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ | ᠬᠤᠯᠪᠣᠭᠠᠯᠠᠨ ᠲᠡᠭᠡᠭᠡᠪᠦᠷᠢᠯᠡᠬᠦ ᠨᠢᠭᠡᠴᠡ ᠨᠢ ︽ᠪᠢᠳᠡ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠳᠠᠩᠰᠠᠯᠠᠭᠤᠯᠬᠤ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠨ᠂ ︽ᠲᠤᠭ᠎ᠠ ᠪᠠᠷᠢᠮᠲᠠ ᠶᠢ | ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠵᠦ᠂ ᠪᠣᠭᠤᠮᠲᠠ ᠶᠢᠨ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | | | | | | ᠡᠷᠢᠶᠡᠨ ᠪᠣᠭᠤᠮᠲᠠ ᠶᠢᠨ ᠠᠵᠢᠯᠲᠠᠨ ᠪᠠᠷᠠᠭ᠎ᠠ ᠶᠢ ᠪᠠᠶᠢᠴᠠᠭᠠᠨ ᠰᠢᠯᠭᠠᠨ᠎ᠠ | | | ᠠᠷᠠᠳ ᠤᠨ ᠴᠠᠭᠳᠠᠭ᠎ᠠ ᠴᠤᠪᠤᠭ᠎ᠠ ᠲᠡᠷᠭᠡ ᠶᠢ ᠪᠠᠶᠢᠴᠠᠭᠠᠨ ᠰᠢᠯᠭᠠᠬᠤ | | ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠡᠳ᠋ ᠳᠠᠷᠤᠭ᠎ᠠ ᠯᠢᠦ ᠵᠢᠶᠠᠨ᠂ | ᠡᠷᠢᠶᠡᠨ ᠪᠣᠭᠤᠮᠲᠠ ᠶᠢᠨ ᠬᠢᠨᠠᠨ ᠬᠠᠮᠢᠶᠠᠷᠬᠤ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠦᠢᠯᠡᠴᠢᠯᠡᠭᠡᠨ ᠤ ᠲᠦᠪᠰᠢᠨ ᠢᠶᠠᠨ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠭᠠᠳᠠᠭᠠᠳᠤ ᠠᠷᠠᠯᠵᠢᠶᠠᠨ ᠤ ᠳᠡᠯᠡᠬᠦ | ᠬᠦᠴᠦᠨ ᠢ ᠨᠡᠮᠡᠭᠳᠡᠭᠦᠯᠬᠦ ᠠᠴᠠ ᠭᠠᠷᠳᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠪᠣᠭᠤᠮᠲᠠ ᠪᠠᠷ ᠥᠩᠭᠡᠷᠡᠬᠦ ᠭᠠᠷᠳᠠᠮ ᠢ ᠳᠠᠰᠤᠷᠠᠯᠳᠠ ᠦᠬᠡᠢ ᠳᠥᠭᠦᠮᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠳᠦᠷᠦ ᠶᠢᠨ ᠪᠤᠳᠤᠯᠭ᠎ᠠ ᠶᠢ ᠢᠳᠡᠪᠬᠢᠲᠡᠢ ᠤᠬᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ | ᠬᠡᠯᠬᠢᠶ᠎ᠡ ᠶᠢᠨ ᠰᠠᠭᠠᠳ ᠦᠬᠡᠢ ᠨᠡᠪᠲᠡᠷᠡᠬᠦ ᠶᠢ ᠦᠷᠭᠦᠯᠵᠢᠯᠡᠨ ᠪᠠᠲᠤᠯᠠᠨ᠎ᠠ ᠭᠡᠵᠦ ᠢᠯᠡᠳᠬᠡᠪᠡ᠃ | |