ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠲᠣᠭᠲᠠᠭᠰᠠᠨ ᠴᠠᠭ ᠢᠶᠠᠷ ᠰᠤᠷᠤᠯᠭ᠎ᠠ ᠡᠬᠢᠯᠡᠨ᠎ᠡ
ᠨᠡᠶᠢᠲᠡᠯᠡᠭᠰᠡᠨ ᠴᠠᠭ᠄
2021/8/31
       ᠳᠤᠮᠳᠠᠳᠤ ᠪᠠᠭ᠎ᠠ ᠰᠤᠷᠭᠠᠭᠤᠯᠢ ᠶᠢᠨ ᠵᠠᠯᠭᠠᠭ᠎ᠠ ᠪᠠᠷ ᠰᠤᠷᠤᠯᠭ᠎ᠠ ᠡᠬᠢᠯᠡᠬᠦ ᠶᠢ ᠳᠠᠭᠠᠯᠳᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠤᠶᠤᠲᠠᠳ ᠴᠤ ᠪᠦᠯᠦᠭ ᠬᠤᠪᠢᠶᠠᠨ ᠰᠤᠷᠭᠠᠭᠤᠯᠢ ᠳᠠᠭᠠᠨ ᠪᠤᠴᠠᠵᠤ᠂ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠢᠶᠠᠨ ᠵᠢᠩᠬᠢᠨᠢ ᠪᠠᠷ ᠡᠬᠢᠯᠡᠭᠦᠯᠦᠭᠰᠡᠨ ᠪᠠᠶᠢᠨ᠎ᠠ᠃    8 ᠰᠠᠷ᠎ᠠ ᠶᠢᠨ 29 ᠤ ᠡᠳᠦᠷ ᠤᠨ ᠥᠷᠯᠥᠭᠡ᠂ ᠰᠤᠷᠭᠠᠭᠤᠯᠢ ᠳᠠᠭᠠᠨ ᠪᠤᠴᠠᠬᠤ ᠰᠤᠷᠤᠭᠴᠢᠳ ᠲᠠᠮᠢᠷ ᠤᠨ ᠲᠠᠯᠠᠪᠠᠶ ᠳᠤ ᠴᠤᠭᠯᠠᠷᠠᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃ ᠬᠡᠳᠦ᠋ᠢᠪᠡᠷ ᠠᠭᠠᠷ ᠤᠨ ᠳᠤᠯᠠᠭᠠᠨ ᠭᠡᠨᠡᠳᠲᠡ ᠪᠠᠭᠤᠷᠠᠭᠰᠠᠨ ᠪᠣᠯᠪᠠᠴᠤ ᠬᠠᠮᠲᠤ ᠰᠤᠷᠤᠭᠴᠢᠳ ᠮᠥᠨ ᠯᠡ ᠴᠤᠭ ᠵᠢᠪᠬᠤᠭ᠎ᠠ ᠲᠠᠢ ᠪᠠᠶᠢᠵᠤ᠂ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠤᠨ ᠳᠤᠮᠳᠠ᠂ ᠤᠯᠤᠰ ᠤᠨ ᠲᠤᠭ ᠠᠯᠭᠤᠷᠬᠠᠨ ᠮᠠᠨᠳᠤᠬᠤ ᠶᠢ ᠬᠠᠷᠠᠵᠤ ᠪᠠᠶᠢᠯ᠎ᠠ᠃
   ᠤᠯᠤᠰ ᠤᠨ ᠲᠤᠬ ᠮᠠᠨᠳᠤᠭᠤᠯᠬᠤ  
  ᠰᠤᠷᠤᠭᠴᠢ ᠰᠤᠷᠭᠠᠭᠤᠯᠢ ᠶᠢᠨ ᠬᠦᠷᠢᠶᠡᠨ ᠳᠤ ᠣᠷᠣᠬᠤ ᠠᠴᠠ ᠡᠮᠦᠨ᠎ᠡ ᠪᠠᠶᠢᠴᠠᠭᠠᠯᠲᠠ ᠬᠢᠨ᠎ᠡ᠃
     ᠰᠤᠷᠤᠭᠴᠢ ᠶᠢᠨ ᠳᠤᠯᠠᠭᠠᠨ ᠬᠡᠮᠵᠢᠯᠲᠡ ᠶᠢᠨ ᠲᠡᠮᠳᠡᠭᠯᠡᠯ        ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠳᠤᠯᠠᠭᠠᠨ ᠤ ᠬᠡᠮᠵᠢᠯᠲᠡ ᠶᠢᠨ ᠳᠡᠩᠰᠡᠯᠡᠯᠲᠡ ᠠᠴᠠ ᠬᠤᠭᠤᠯᠠᠨ ᠲᠢᠩᠬᠢᠮ ᠳᠤ ᠣᠷᠣᠵᠤ᠂ ᠤᠬᠠᠮᠰᠠᠷ ᠠᠴᠠ ᠪᠠᠨ ᠣᠷᠣᠨ ᠠᠯᠤᠰᠯᠠᠨ ᠬᠤᠭᠤᠯᠠ ᠢᠳᠡᠬᠦ ᠬᠦᠷᠲᠡᠯ᠎ᠡ᠂ ᠠᠮᠠᠪᠴᠢ ᠵᠡᠭᠦᠵᠦ ᠠᠩᠭᠢ ᠳᠠᠭᠠᠨ ᠣᠷᠣᠵᠤ ᠬᠢᠴᠢᠶᠡᠯ ᠣᠷᠣᠵᠤ ᠰᠤᠷᠤᠯᠴᠠᠬᠤ ᠬᠦᠷᠲᠡᠯ᠎ᠡ᠂ ᠰᠣᠷᠣᠭᠴᠢ ᠪᠠ ᠪᠠᠭᠰᠢ ᠨᠢᠭᠡᠪᠦᠷᠢ ᠴᠥᠮ ᠬᠢᠵᠢᠭ ᠢ ᠰᠡᠷᠭᠡᠶᠢᠯᠡᠬᠦ ᠢᠵᠢ ᠪᠦᠷᠢᠨ ︽ᠪᠠᠷᠢᠮᠵᠢᠶᠠᠲᠤ ᠬᠥᠳᠡᠯᠭᠡᠭᠡᠨ︾ ᠢ ᠲᠡᠷᠡ ᠶᠣᠰᠣᠭᠠᠷ ᠨᠢ ᠪᠡᠶᠡᠯᠡᠭᠦᠯᠵᠦ ᠂ ᠬᠢᠵᠢᠭ ᠢ ᠰᠡᠷᠭᠡᠶᠢᠯᠡᠬᠦ ᠠᠵᠢᠯ ᠢ ᠦᠨᠡᠨ ᠬᠦ ᠪᠠᠶᠢᠩᠭᠤᠵᠢᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃ ᠳᠡᠭᠡᠳᠦ ᠰᠤᠷᠭᠠᠭᠤᠯᠢ ᠶᠢᠨ ᠡᠯ᠎ᠡ ᠰᠠᠯᠪᠤᠷᠢ ᠶᠢᠨ ᠬᠢᠨ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠲᠥᠯᠥᠪᠯᠡᠭᠡ ᠶᠣᠰᠣᠭᠠᠷ᠂ ᠵᠢᠭᠠᠨ ᠰᠤᠷᠭᠠᠯᠲᠠ ᠶᠢᠨ ᠠᠵᠢᠯ ᠡᠯᠰᠡᠪᠡ᠃
   ᠰᠤᠷᠤᠭᠴᠢᠳ ᠨᠠᠷᠢᠨ ᠬᠢᠨᠠᠮᠠᠭᠠᠢ ᠶᠠᠷᠢᠬᠤ ᠶᠢ ᠰᠣᠨᠣᠰᠤᠨ᠎ᠠ᠃        ᠣᠶᠢᠯᠠᠭᠠᠭᠰᠠᠨ ᠢᠶᠠᠷ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠳᠠᠭᠠᠨ ᠪᠤᠴᠠᠬᠤ ᠰᠤᠷᠤᠭᠴᠢᠳ 8 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠰᠤᠷᠭᠠᠭᠤᠯᠢ ᠳᠠᠭᠠᠨ ᠪᠤᠴᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ︽ᠬᠤᠶᠠᠷ ᠨᠣᠮᠧᠷ ᠢ ᠬᠠᠮᠲᠤᠷᠠᠨ ᠪᠠᠶᠢᠴᠠᠭᠠᠬᠤ︾᠂ ᠰᠤᠷᠭᠠᠭᠤᠯᠢ ᠳᠠᠭᠠᠨ ᠪᠤᠴᠠᠬᠤ ᠠᠴᠠ ᠡᠮᠦᠨᠡᠬᠢ 14 ᠡᠳᠦᠷ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠡᠮᠳᠡᠭᠯᠡᠯ ᠢ ᠬᠠᠩᠭᠠᠬᠤ ᠵᠡᠷᠭᠡ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠬᠤ ᠪᠣᠯᠤᠨ᠎ᠠ᠃ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠰᠤᠷᠭᠠᠭᠤᠯᠢ ᠠᠴᠠ ᠲᠣᠭᠲᠠᠭᠠᠭᠰᠠᠨ ᠡᠯ᠎ᠡ ᠵᠦᠶ᠋ᠯ ᠤᠨ ᠪᠠᠶᠢᠩᠭᠤ ᠶᠢᠨ ᠴᠢᠨᠠᠷᠲᠠᠶ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠷᠭᠦᠯᠵᠢᠯᠡᠨ ᠬᠠᠮᠠᠭᠠᠯᠠᠪᠠ᠃
 ᠪᠠᠭᠰᠢ ᠠᠵᠢᠯᠲᠠᠨ ᠳᠤᠯᠠᠭᠠᠨ ᠤ ᠬᠡᠮᠵᠢᠯᠲᠡ ᠶᠢᠨ ᠡᠭᠦᠳᠡ ᠪᠠᠷ ᠬᠤᠭᠤᠯᠠᠨ ᠲᠢᠩᠬᠢᠮ ᠳᠤ ᠣᠷᠣᠪᠠ  
   ᠰᠤᠷᠤᠭᠴᠢᠳ ᠡᠮᠬᠢ ᠵᠢᠷᠤᠮ ᠲᠠᠢ ᠬᠤᠭᠤᠯᠠ ᠢᠳᠡᠨ᠎ᠡ᠃        ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠹᠦ᠋ ᠮᠦᠷᠡᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠲᠣᠰ ᠰᠤᠷᠤᠯᠭ᠎ᠠ ᠶᠢᠨ ᠬᠤᠭᠤᠴᠠᠭᠠᠨ ᠳᠤ ᠪᠢᠳᠡ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠤᠭᠰᠠᠨ  ᠦᠩᠬᠡᠷᠡᠯᠳᠠ ᠲᠠᠢ ᠰᠣᠷᠣᠭᠴᠢ ᠶᠢ ᠪᠥᠬᠦ ᠲᠠᠯ᠎ᠠ ᠪᠠᠷ ᠪᠠᠶᠢᠴᠠᠭᠠᠨ ᠰᠢᠯᠭᠠᠭᠰᠠᠨ ᠪᠥᠭᠡᠳ ᠰᠣᠷᠣᠭᠴᠢ ᠪᠣᠯᠤᠨ ᠪᠣᠶ ᠪᠥᠬᠦᠶ ᠪᠠᠭᠰᠢ ᠠᠵᠢᠯᠲᠠᠨ ᠢ ᠰᠤᠷᠭᠠᠭᠤᠯᠢ ᠳᠤ ᠣᠷᠣᠬᠤ ᠳᠠᠭᠠᠨ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ ᠡᠨᠡ ᠵᠢᠯ ᠤᠨ ᠨᠢᠭᠡᠳᠦᠭᠡᠷ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠨᠡᠷ᠎ᠡ ᠮᠡᠳᠡᠭᠦᠯᠬᠦ ᠴᠠᠭ ᠪᠣᠯ 9 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠤᠨ᠎ᠠ᠂ ᠰᠤᠷᠭᠠᠭᠤᠯᠢ ᠳᠤ ᠣᠷᠣᠬᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠨᠢ ᠠᠬᠠᠮᠠᠳ ᠰᠤᠷᠤᠭᠴᠢᠳ ᠲᠠᠢ ᠨᠢᠭᠡᠳᠦᠯᠲᠡᠶ ᠪᠠᠶᠢᠬᠤ ᠬᠡᠷᠡᠭᠲᠡᠶ︾ ᠭᠡᠵᠡᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号