ᠯᠦ ᠪᠦᠦ ᠳ᠋ᠦᠩ ᠦᠨᠳᠦᠰᠦᠨ ᠱᠠᠲᠤᠨ ᠳᠤ ᠭᠦᠨᠵᠡᠭᠡᠶᠢᠷᠡᠵᠦ ︽8 · 1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/4
         ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠦ ᠪᠦᠦ ᠳ᠋ᠦᠩ  ᠡᠷᠢᠶᠡᠨ ᠳᠤ ᠰᠠᠭᠤᠭ᠎ᠠ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠵᠢᠷᠭᠤᠳᠤᠭᠠᠷ  ᠴᠡᠷᠢᠭ ᠠᠩᠬᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠬᠥᠳᠡᠭᠡ ᠲᠣᠰᠬᠤᠨ ᠤ ᠬᠠᠷᠢᠶ᠎ᠠ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠭᠡᠷ ᠲᠤ ᠬᠦᠷᠴᠦ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠤᠯ ᠤᠨ ᠮᠥᠩᠭᠦ ᠬᠦᠷᠭᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠮᠥᠸᠧ ᠬᠤᠩ ᠵᠢᠶᠦ᠋ᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠱᠢ ᠱᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠰᠢᠶᠠᠩ ᠳ᠋ᠦᠩ ᠬᠠᠮᠲᠤ ᠪᠠᠷ ᠲᠣᠬᠤᠨᠢᠭᠤᠯᠪᠠ᠃
         ᠬᠢᠯᠢ ᠶᠢᠨ ᠬᠠᠮᠠᠭᠠᠯᠠᠯᠲᠠ ᠶᠢᠨ ᠵᠢᠷᠭᠤᠳᠤᠭᠠᠷ  ᠴᠡᠷᠢᠭ ᠠᠩᠭᠢ ᠳᠤ ᠲᠣᠬᠤᠨᠢᠭᠤᠯᠬᠤ ᠮᠥᠩᠭᠦ ᠬᠦᠷᠭᠡᠪᠡ    
       ᠬᠢᠯᠢ ᠶᠢᠨ ᠬᠠᠮᠠᠭᠠᠯᠠᠯᠲᠠ ᠶᠢᠨ  ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠬᠠᠮᠲᠤ   
       ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢᠨ ᠢᠷᠠᠭᠤ ᠠᠯᠳᠠᠷ         ᠯᠦ ᠪᠦᠦ ᠳ᠋ᠦᠩ ᠰᠠᠭᠤᠭ᠎ᠠ ᠴᠡᠷᠢᠭ ᠠᠩᠬᠢ ᠶᠢᠨ ᠨᠢᠭᠡᠨ ᠴᠡᠷᠢᠭ ᠠᠩᠬᠢ ᠶᠢᠨ ᠬᠢᠯᠢ ᠶᠢᠨ ᠬᠠᠮᠠᠭᠠᠯᠠᠯᠲᠠ ᠶᠢᠨ ᠵᠢᠷᠭᠤᠳᠤᠭᠠᠷ ᠴᠡᠷᠢᠭ ᠠᠩᠬᠢ ᠶᠢᠨ ᠠᠯᠪᠠᠨ ᠲᠣᠭᠤᠷᠢᠭ᠂ ᠳᠠᠷᠤᠭ᠎ᠠ ᠪᠠᠶᠢᠯᠳᠤᠭᠴᠢᠳ ᠤᠨ ᠬᠤᠸᠠᠷᠠᠨ ᠳᠤ ᠬᠦᠷᠴᠦ᠂  ᠴᠡᠷᠢᠭ ᠠᠩᠬᠢ ᠶᠢᠨ ᠵᠢᠯᠤᠭᠤᠳᠤᠯᠭ᠎ᠠ᠂ ᠪᠣᠯᠪᠠᠰᠤᠷᠠᠯ᠂ ᠠᠷᠤ ᠲᠠᠯ᠎ᠠ ᠶᠢᠨ ᠦᠢᠯᠡᠴᠢᠯᠡᠭᠡᠨ ᠵᠡᠷᠭᠡ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂  ᠴᠡᠷᠢᠭ ᠠᠩᠬᠢ ᠶᠢᠨ ᠪᠠᠶᠢᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ᠂ ᠴᠡᠷᠢᠭ ᠤᠨ ᠬᠤᠸᠠᠷᠠᠨ ᠤ ᠰᠣᠶᠣᠯ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠵᠢᠯᠤᠭᠤᠳᠤᠯᠭ᠎ᠠ ᠶᠢ ᠲᠠᠭᠠᠬᠤ᠂  ᠢᠯᠠᠯᠳᠠ ᠲᠠᠢ ᠲᠠᠶᠢᠨ ᠬᠢᠵᠦ ᠴᠢᠳᠠᠬᠤ᠂ ᠰᠤᠷᠲᠠᠯ ᠰᠢᠯᠢᠳᠡᠭ ᠰᠠᠶᠢᠨ ᠪᠠᠶᠢᠬᠤ︾ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠦᠯᠦ ᠬᠥᠰᠡᠷᠳᠡᠭᠦᠯᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠪᠠ ᠲᠡᠭᠦᠨ ᠳᠤ ᠣᠷᠣᠯᠴᠠᠬᠤ ᠶᠢ ᠬᠦᠰᠡᠪᠡ᠃
           ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ ᠳᠤ ᠲᠣᠬᠤᠨᠢᠭᠤᠯᠬᠤ ᠮᠥᠩᠭᠦ ᠬᠦᠷᠭᠡᠪᠡ
         ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠬᠠᠮᠲᠤ ᠵᠢᠷᠤᠭ ᠲᠠᠲᠠᠭᠤᠯᠪᠠ        ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠳᠤ᠂ ᠯᠦ ᠪᠦᠦ ᠳ᠋ᠦᠩ ︽ᠰᠥᠷᠭᠡᠦ ᠪᠠᠭᠠᠲᠤᠷ︾ ᠲᠤ ᠬᠦᠨᠳᠦᠳᠬᠡᠯ ᠳᠡᠪᠰᠢᠭᠦᠯᠬᠦ ᠶᠢᠨ ᠬᠠᠮᠲᠤ ᠶᠡᠭᠡ ᠠᠩᠬᠢ ᠶᠢᠨ ᠪᠦᠬᠦ ᠵᠢᠯᠤᠭᠤᠳᠤᠬᠴᠢ ᠪᠠᠶᠢᠯᠳᠤᠭᠴᠢᠳ ᠤᠨ ᠪᠣᠭᠤᠮᠲᠠ ᠶᠢᠨ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠬᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠵᠢᠯᠤᠭᠤᠳᠤᠬᠴᠢ ᠪᠠᠶᠢᠯᠳᠤᠭᠴᠢᠳ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃
   ᠯᠦ ᠪᠦᠦ ᠳ᠋ᠦᠩ ᠨᠡᠷ ᠠᠬᠠᠮᠠᠳ ᠴᠡᠷᠢᠭ ᠠᠴᠠ ᠬᠠᠯᠠᠭᠳᠠᠭᠰᠠᠳ ᠱᠢ ᠸᠠᠨ ᠹᠦ᠋ ᠶᠢ ᠲᠣᠬᠤᠨᠢᠭᠤᠯᠪᠠ        ᠬᠥᠳᠡᠭᠡ ᠲᠣᠰᠬᠤᠨ ᠳᠤ ᠨᠤᠲᠤᠭ ᠲᠠᠢ ᠴᠡᠷᠢᠭ ᠤᠨ ᠠᠯᠪᠠᠨ ᠠᠴᠠ ᠪᠠᠭᠤᠭᠰᠠᠨ ᠱᠢ ᠸᠠᠨ ᠹᠦ᠋ ᠶᠢᠨ ᠭᠡᠷ ᠲᠤ᠂ ᠯᠦ ᠪᠦᠦ ᠳ᠋ᠦᠩ ᠲᠡᠭᠦᠨ ᠲᠠᠢ ᠵᠣᠭᠤᠭ ᠳᠡᠯᠭᠡᠵᠦ᠂ ᠬᠥᠭᠵᠢᠯᠲᠡ ᠶᠢᠨ ᠲᠤᠬᠠᠢ ᠶᠠᠷᠢᠯᠴᠠᠬᠤ ᠶᠢᠨ ᠬᠠᠮᠲᠤ ᠲᠡᠭᠦᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号