| | 8 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠯᠢᠦ ᡁᠢ ᠫᠢᠩ ᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ | ᠬᠤᠲᠠ ᠪᠠᠨ ᠵᠠᠰᠠᠬᠤ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ | ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠵᠥᠪᠯᠡᠯ ᠤᠨ | ᠭᠤᠷᠪᠠᠳᠤᠭᠠᠷ᠂ ᠳᠥᠷᠪᠡᠳᠦᠭᠡᠷ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ | ᠠᠶᠢᠮᠠᠭ ᠢᠶᠠᠨ ᠵᠠᠰᠠᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2020 ᠣᠨ ᠤ | ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ︽ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠵᠥᠪᠯᠡᠯ ᠤᠨ | 2021 ᠣᠨ ᠤ ᠠᠵᠢᠯ ᠤᠨ ᠭᠤᠤᠯᠳᠠᠯᠭ᠎ᠠ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠶᠠᠨ ᠬᠤᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠤᠯᠠᠭᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠤᠸᠠᠢ ᠸᠧᠨ ᠵᠢᠶᠦ᠋ᠨ ᠬᠤᠷᠠᠯ ᠳᠤ ᠣᠷᠣᠯᠴᠠᠪᠠ᠃ ᠰᠢᠭᠦᠬᠦ | ᠬᠤᠷᠢᠶ᠎ᠠ ᠪᠠᠶᠢᠴᠠᠭᠠᠬᠤ ᠬᠤᠶᠠᠷ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠬᠤᠷᠠᠯ ᠤᠨ ᠠᠬᠤᠶ ᠲᠠᠯᠠᠪᠠᠢ | | | ᠯᠢᠦ ᡁᠢ ᠫᠢᠩ ᠶᠠᠷᠢᠶ᠎ᠠ ᠲᠠᠯᠪᠢᠵᠠᠢ | | ᠯᠢᠦ ᡁᠢ ᠫᠢᠩ᠂ ᠰᠢ ᠶᠢᠨ ᠫᠢᠩ ᠤ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠬᠤᠳᠠ ᠪᠠᠨ | ᠵᠠᠰᠠᠬᠤ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠡᠯ᠎ᠡ ᠪᠦᠷᠢᠯᠳᠦᠬᠦᠨ | ᠨᠢᠭᠡᠴᠡ ᠶᠢᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠣᠶᠢᠯᠠᠭᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠪᠣᠯᠭᠠᠵᠤ᠂ ᠶᠡᠷᠦᠩᠬᠡᠶ ᠱᠦᠵᠢ ᠶᠢᠨ ︽ᠠᠷᠪᠠᠨ ᠨᠢᠭᠡ ᠶᠢ ᠪᠠᠷᠢᠮᠲᠠᠯᠠᠬᠤ︾ ᠴᠢᠬᠤᠯᠠ ᠦᠵᠡᠯ ᠰᠠᠨᠠᠭ᠎ᠠ ᠪᠠ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠦᠨᠳᠦᠰᠦᠨ ᠵᠣᠷᠢᠭ ᠰᠠᠨᠠᠭ᠎ᠠ ᠶᠢ | ᠨᠡᠪᠳᠡᠷᠡᠳᠡᠯ᠎ᠠ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠡᠵᠡᠮᠰᠢᠵᠦ᠂ ᠠᠵᠢᠯ ᠤᠨ ᠱᠠᠭᠠᠷᠳᠠᠯᠭ᠎ᠠ ᠶᠢ | ᠲᠣᠳᠣᠷᠬᠠᠶ ᠪᠣᠯᠭᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠬᠠᠤᠯᠢ | ᠶᠣᠰᠣᠭᠠᠷ ᠬᠤᠳᠠ ᠶᠢ ᠵᠠᠰᠠᠬᠤ ᠡᠯ᠎ᠡ ᠲᠠᠯ᠎ᠠ ᠪᠠ ᠪᠦᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠶᠣᠰᠣᠭᠠᠷ ᠬᠤᠳᠠ ᠶᠢ ᠵᠠᠰᠠᠬᠤ ᠵᠣᠷᠢᠭ ᠰᠠᠨᠠᠭᠠᠨ ᠤ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ | ᠬᠠᠤᠯᠢ ᠶᠣᠰᠣᠭᠠᠷ ᠬᠤᠳᠠ ᠶᠢ ᠵᠠᠰᠠᠬᠤ ᠡᠯ᠎ᠡ ᠵᠦᠢᠯ ᠤᠨ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ | ᠬᠡᠷᠡᠭᠲᠡᠶ᠃ ᠣᠳᠣᠬᠠᠨ ᠳᠤ᠂ ᠬᠠᠤᠯᠢᠵᠢᠯ ᠤᠨ ᠪᠠᠶᠢᠭᠤᠯᠤᠯᠲᠠ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠮᠠᠨ ᠤ ᠬᠤᠲᠠ ᠶᠢᠨ | ᠬᠠᠤᠯᠢᠵᠢᠯ ᠤᠨ ᠪᠠᠶᠢᠭᠤᠯᠤᠯᠲᠠ ᠶᠢᠨ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠢᠷᠮᠠᠶᠢᠨ ᠨᠥᠬᠦᠪᠥᠷᠢᠯᠡᠬᠦ | ᠬᠡᠷᠡᠭᠲᠡᠢ᠃ | | ᠬᠤᠷᠠᠯ ᠠᠴᠠ ︽ᠡᠷᠢᠶᠡᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠶᠢ | ᠵᠠᠰᠠᠬᠤ ᠵᠥᠪᠯᠡᠯ ᠤᠨ 2021 ᠣᠨ ᠤ ᠠᠵᠢᠯ ᠤᠨ ᠭᠤᠣᠯᠳᠠᠯᠭ᠎ᠠ︾᠂ ︽2021 ᠣᠨ ᠤ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠵᠠᠷᠴᠢᠮ ᠳᠡᠭᠡᠷ᠎ᠡ ᠪᠠᠨ ᠬᠢᠨᠠᠨ | ᠵᠥᠪᠯᠡᠵᠦ ᠪᠠᠲᠤᠯᠠᠪᠠ᠃ |