ᠯᠢᠦ ᡁᠢ ᠫᠢᠩ ︽ᠨᠠᠢᠮᠠᠨ ᠰᠠᠷ᠎ᠠ ᠶᠢᠨ ᠨᠢᠭᠡᠨ︾ ᠤ ᠡᠮᠦᠨᠡᠬᠡᠨ ᠬᠤᠳᠠ ᠳᠤ ᠰᠠᠭᠤᠭ᠎ᠠ ᠴᠡᠷᠢᠭ ᠠᠩᠭᠢ ᠪᠣᠯᠤᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/8/5
   7 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠪᠦᠯᠬᠦᠮ ᠢᠶᠠᠨ ᠳᠠᠭᠠᠭᠤᠯᠤᠨ ᠬᠤᠲᠠ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ᠂ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠭᠢ᠂ ᠴᠡᠷᠢᠭ ᠤᠨ ᠠᠮᠠᠷᠠᠯᠲᠠ ᠶᠢᠨ ᠺᠠᠳ᠋ᠷ ᠪᠠ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠵᠤ᠂ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠬᠠᠮᠲᠤ ᠪᠠᠷ ᠶᠠᠷᠢᠯᠴᠠᠪᠠ᠃  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠦᠬᠡ ᠲᠣᠬᠤᠨᠢᠭᠤᠯᠤᠯ ᠳᠤ ᠣᠷᠣᠯᠴᠠᠪᠠ᠃
 
         ᠯᠢᠦ ᡁᠢ ᠫᠢᠩ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠳᠤ ᠲᠣᠬᠤᠨᠢᠭᠤᠯᠪᠠ        ᠬᠤᠳᠠ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠳᠤ᠂ ᠯᠢᠦ ᡁᠢ ᠫᠢᠩ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠪᠠᠶᠠᠷ ᠬᠦᠷᠭᠡᠪᠡ᠃ ᠯᠢᠦ ᡁᠢ ᠫᠢᠩ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠠᠭᠤᠷᠢᠯᠠᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠶᠡᠷᠦᠩᠬᠡᠢ ᠬᠠᠷᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠮᠠᠨ ᠤ ᠴᠡᠷᠢᠭ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠵᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠳᠠ ᠳᠤ ᠰᠠᠭᠤᠭ᠎ᠠ ᠴᠡᠷᠢᠭ ᠠᠩᠬᠢ ᠶᠢᠨ ᠬᠢᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠵᠡᠷᠭᠡ ᠶᠢᠨ ᠪᠣᠭᠤᠮᠲᠠ ᠶᠢᠨ ᠬᠤᠳᠠ ᠶᠢ ᠪᠠᠶᠢᠭᠤᠯᠬᠤ ᠳᠤ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠴᠡᠷᠢᠭ ᠠᠩᠭᠢ ᠶᠢᠨ ᠪᠠᠶᠢᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠭᠡᠷᠡᠯᠲᠦᠭᠦᠯᠦᠨ᠎ᠡ᠃
     ᠯᠢᠦ ᡁᠢ ᠫᠢᠩ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠭᠢ ᠶᠢ ᠲᠣᠬᠤᠨᠢᠭᠤᠯᠪᠠ        ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠬᠢ ᠳᠤ᠂ ᠯᠢᠦ ᡁᠢ ᠫᠢᠩ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠬᠢ ᠶᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠬᠢ ᠶᠢᠨ ᠬᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠠᠶᠢᠨ ᠤ ᠪᠡᠯᠡᠳᠬᠡᠯ ᠤᠨ ᠡᠭᠦᠷᠭᠡ ᠭᠦᠢᠴᠡᠳᠬᠡᠬᠦ ᠵᠡᠷᠭᠡ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠡᠮᠦᠨ᠎ᠡ ᠹᠷᠣᠨᠲ ᠲᠤ ᠠᠵᠢᠯᠯᠠᠵᠤ᠂ ᠢᠮᠠᠭᠲᠠ ᠦᠨᠡᠨᠴᠢ ᠰᠢᠳᠤᠷᠭᠤ ᠰᠡᠳᠬᠢᠯ ᠢᠶᠠᠷ ᠨᠠᠮ ᠤᠨ ᠦᠢᠯᠡᠰ ᠲᠤ ᠪᠡᠶ᠎ᠡ ᠪᠠᠨ ᠵᠣᠷᠢᠭᠤᠯᠵᠤ᠂ ᠠᠯᠪᠠᠨ ᠵᠠᠷᠤᠴᠠ ᠶᠢᠨ ᠰᠡᠳᠬᠢᠯ ᠢᠶᠠᠷ ᠠᠷᠠᠳ ᠤᠯᠠᠨ ᠳᠤ ᠦᠢᠯᠡᠴᠢᠯᠡᠭᠰᠡᠭᠡᠷ ᠢᠷᠡᠵᠠᠢ ᠭᠡᠵᠦ ᠬᠡᠯᠡᠪᠡ᠃ ᠢᠳᠡᠪᠬᠢᠲᠡᠢ ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠵᠤ᠂ ᠴᠡᠷᠢᠭ ᠠᠩᠬᠢ ᠣᠷᠣᠨ ᠨᠤᠲᠤᠭ᠂ ᠴᠡᠷᠢᠭ ᠠᠷᠠᠳ ᠤᠨ ᠬᠠᠷᠢᠯᠴᠠᠭ᠎ᠠ ᠶᠢ ᠰᠠᠶᠢᠲᠤᠷ ᠬᠢᠵᠦ᠂ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠨᠠᠮ ᠳᠤ ᠪᠠᠶᠢᠭ᠎ᠠ 50 ᠵᠢᠯ ᠤᠨ ᠴᠡᠷᠢᠭ ᠤᠨ ᠠᠮᠠᠷᠠᠯᠲᠠ ᠶᠢᠨ ᠬᠤᠭᠤᠴᠠᠭᠠᠨ ᠤ ᠢᠷᠠᠭᠤ ᠠᠯᠳᠠᠷᠲᠤ ᠺᠠᠳ᠋ᠷ ᠸᠠᠩ ᠰᠢᠶᠠᠨ ᠴᠧᠩ ᠢ ᠲᠣᠬᠤᠨᠢᠭᠤᠯᠪᠠ      ︽50 ᠵᠢᠯ ᠤᠨ ᠢᠷᠡᠭᠤ ᠠᠯᠳᠠᠷᠳᠦ ᠨᠠᠮ ᠤᠨ ᠬᠡᠰᠢᠬᠦᠨ︾  ᠠᠮᠠᠷᠠᠯᠳᠠ ᠪᠠᠨ ᠠᠪᠣᠭᠰᠠᠨ ᠴᠡᠷᠢᠭ ᠤᠨ ᠺᠠᠳ᠋ᠷ ᠸᠠᠩ ᠰᠢᠶᠠᠨ ᠴᠧᠩ ᠤᠨ ᠭᠡᠷ ᠲᠤ᠂ ᠯᠢᠦ ᡁᠢ ᠫᠢᠩ ᠨᠠᠰᠤᠲᠠᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠳᠣᠲᠣᠨᠣᠰᠤᠭ ᠢᠶᠠᠷ ᠠᠰᠠᠭᠤᠵᠤ᠂ ᠥᠩᠭᠡᠷᠡᠭᠰᠡᠨ ᠤ ᠭᠠᠶᠢᠬᠠᠮᠰᠢᠭᠲᠤ ᠣᠨ ᠰᠠᠷ᠎ᠠ ᠶᠢ ᠬᠠᠮᠲᠤᠪᠠᠷ ᠡᠷᠭᠢᠴᠡᠭᠦᠯᠪᠡ᠃ ᠲᠡᠷᠡ ᠵᠢᠭᠠᠵᠤ ᠭᠠᠷᠭᠠᠭᠰᠠᠨ ᠨᠢ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠪᠣᠯ ᠮᠠᠨ ᠤ ᠡᠷᠬᠢᠮ ᠨᠠᠨᠳᠢᠨ ᠥᠪ ᠬᠥᠷᠥᠩᠭᠡ ᠮᠥᠨ᠂ ᠠᠬᠠᠮᠠᠳ ᠦᠶ᠎ᠡ ᠶᠢᠨ ᠬᠢᠨ ᠬᠤᠪᠢᠰᠬᠠᠯ ᠤᠨ ᠦᠢᠯᠡᠰ ᠲᠤ ᠶᠡᠭᠡ ᠭᠠᠪᠢᠶ᠎ᠠ ᠵᠢᠳᠬᠦᠯ ᠭᠠᠷᠭᠠᠵᠤ᠂ ᠡᠩᠬᠡ ᠲᠠᠶᠢᠪᠤᠩ ᠴᠠᠭ ᠦᠶ᠎ᠡ ᠳᠤ ᠪᠠᠰᠠ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠡᠨᠡ ᠵᠢᠯ ᠪᠣᠯ ᠨᠠᠮ ᠤᠨ ᠮᠡᠨᠳᠦᠯᠡᠭᠰᠡᠨ ᠵᠠᠭᠤᠨ ᠵᠢᠯ ᠤᠨ ᠤᠢ ᠮᠥᠨ᠂ ᠪᠢᠳᠡ ᠲᠡᠳᠡᠨ ᠤ ᠰᠢᠷᠭᠠᠭᠤ ᠬᠠᠲᠠᠭᠤᠵᠢᠯᠲᠠᠶ ᠪᠠᠷ ᠵᠢᠳᠬᠦᠭᠰᠡᠨ ᠪᠠ ᠬᠠᠷᠠᠮ ᠦᠭᠡᠢ ᠵᠢᠳᠬᠦᠭᠰᠡᠨ ᠢ ᠨᠡᠩ ᠴᠤ ᠮᠠᠷᠲᠠᠵᠤ ᠪᠣᠯᠬᠤ ᠦᠭᠡᠢ᠃ ᠯᠢᠦ ᡁᠢ ᠫᠢᠩ ᠱᠠᠭᠠᠷᠳᠠᠭᠰᠠᠨ ᠨᠢ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠢ ᠰᠠᠶᠢᠲᠤᠷ ᠬᠠᠷᠠᠭᠠᠯᠵᠠᠬᠤ ᠪᠣᠯ ᠨᠠᠮ ᠪᠠ ᠵᠠᠰᠠᠭ ᠤᠨ ᠣᠷᠳᠣᠨ ᠤ ᠵᠠᠶᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠶᠢᠵᠤ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃  
 ᠴᠡᠷᠢᠭ ᠠᠴᠠ ᠬᠠᠯᠠᠭᠳᠠᠭᠰᠠᠨ ᠬᠦᠴᠢᠷᠳᠡᠯ ᠲᠠᠢ ᠡᠷᠦᠬᠡ ᠸᠠᠩ ᠶᠢᠨ ᠵᠦ ᠶᠢ ᠲᠣᠬᠤᠨᠢᠭᠤᠯᠪᠠ         ᠴᠡᠷᠢᠭ ᠠᠴᠠ ᠬᠠᠯᠠᠭᠳᠠᠭᠰᠠᠨ ᠬᠦᠴᠢᠷᠳᠡᠯ ᠲᠠᠢ ᠡᠷᠦᠬᠡ ᠸᠠᠩ ᠶᠢᠨ ᠵᠦ ᠬᠡᠳᠦ᠋ᠢᠪᠡᠷ ᠠᠮᠢᠳᠤᠷᠠᠯ ᠨᠢ ᠬᠦᠴᠢᠷᠳᠡᠯ ᠲᠠᠢ ᠪᠣᠯᠪᠠᠴᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯᠯᠠᠭ᠎ᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠲᠣᠬᠤᠨᠢᠭᠤᠯᠬᠤ ᠦᠶ᠎ᠡ ᠳᠤ᠂ ᠯᠢᠦ ᡁᠢ ᠫᠢᠩ ᠲᠡᠭᠦᠨ ᠳᠤ ᠴᠡᠷᠢᠭ ᠠᠴᠠ ᠬᠠᠯᠠᠭᠳᠠᠭᠰᠠᠳ ᠤᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠵᠣᠷᠢᠭ ᠰᠠᠨᠠᠭ᠎ᠠ ᠶᠢ ᠬᠤᠪᠢᠷᠠᠭᠤᠯᠬᠤ ᠦᠭᠡᠢ᠂ ᠴᠡᠷᠢᠭ ᠠᠴᠠ ᠬᠠᠯᠠᠭᠳᠠᠭᠰᠠᠳ ᠤᠨ ᠦᠩᠭᠡ ᠶᠢ ᠪᠠᠭᠤᠷᠠᠭᠤᠯᠬᠤ ᠦᠭᠡᠢ ᠪᠠᠶᠢᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠨ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号