ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/5
ᠯᠢᠦ ᡁᠢ ᠫᠢᠩ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ  ᠬᠤᠷᠠᠯᠳᠤᠭᠤᠯᠤᠭᠰᠠᠨᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄  8 ᠰᠠᠷ᠎ᠠ ᠶᠢᠨ.3 ᠤ  ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠬᠡᠰᠢᠭᠦᠨ᠂  ᠬᠤᠳᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ  ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠠᠢ᠃  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂  ᠤᠯᠤᠰ ᠲᠥᠷᠦ ᠬᠠᠤᠯᠢ ᠴᠠᠭᠠᠵᠠ ᠶᠢᠨ ᠬᠤᠷᠢᠶ᠎ᠡ  ᠶᠢᠨ ᠱᠦᠵᠢ ᠶᠡᠨ ᠬᠤᠩ  ᠂  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂  ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ᠂  ᠬᠤᠳᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠰᠢᠣᠸᠠᠢ ᠸᠧᠨ ᠵᠢᠶᠦ᠋ᠨ ᠬᠤᠷᠠᠯ ᠳᠤ ᠤᠷᠤᠯᠴᠠᠭᠰᠠᠨ ᠪᠠᠶᠢᠨ᠎ᠠ᠃  ᠰᠢᠭᠦᠬᠦ ᠪᠠᠶᠢᠴᠠᠭᠠᠬᠤ ᠬᠤᠶᠠᠷ ᠬᠤᠷᠢᠶ᠎ᠡ᠂  ᠬᠤᠳᠠ ᠶᠢᠨ ᠰᠢᠭᠤᠳ ᠬᠠᠷᠢᠶ᠎ᠠ ᠬᠠᠮᠢᠶᠠᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠲᠠᠶᠢᠯᠤᠮᠵᠢ  ᠄     ᠬᠤᠷᠠᠯ ᠳᠤ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ  ᠂  ᠲᠥᠷᠪᠡᠳᠦᠭᠡᠷ ᠤᠳᠠᠭᠠᠨ ᠤ ᠬᠤᠷᠠᠯ ᠪᠤᠯᠤᠨ ᠠᠶᠢᠮᠠᠭ ᠤᠨ ᠨᠠᠮ ᠤᠨ ᠬᠤᠷᠢᠶᠠᠨ ᠤ  ᠬᠠᠤᠯᠢ ᠪᠠᠷ ᠠᠶᠢᠮᠠᠭ ᠢᠶᠠᠨ ᠵᠠᠰᠠᠬᠤ ᠵᠥᠪᠯᠡᠯ ᠤᠨ ᠬᠤᠷᠠᠯ ᠤᠨ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ 2020 ᠤᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂  ᠳᠠᠷᠠᠭᠠᠴᠢ ᠶᠢᠨ ᠠᠯᠬᠤᠮ ᠤᠨ ᠭᠤᠤᠯᠳᠠᠯᠭᠠᠲᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠯᠢᠦ ᡁᠢ ᠫᠢᠩ‌‍ᠴᠢᠩᠭᠠᠳᠬᠠᠬᠤ ᠳᠠᠭᠠᠨ᠂  ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ  ᠪᠠᠷ ᠤᠯᠤᠰ ᠢᠶᠠᠨ ᠵᠠᠰᠠᠬᠤ  ᠲᠤᠬᠠᠢ ᠴᠢᠬᠤᠯᠠ ᠦᠬᠦᠯᠡᠯᠲᠡ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂  ᠬᠠᠤᠯᠢ ᠪᠠᠷ ᠬᠤᠳᠠ ᠪᠠᠨ ᠵᠠᠰᠠᠬᠤ ᠵᠥᠪ ᠤᠨᠤᠪᠴᠢᠲᠠᠢ ᠴᠢᠭᠯᠡᠯ ᠢ ᠪᠠᠲᠤ ᠪᠠᠬᠢ ᠡᠵᠡᠮᠰᠢᠬᠦ ᠬᠡᠷᠡᠭᠲᠡᠢ᠃ ᠡᠯ᠎ᠡ ᠬᠡᠰᠢᠭᠦᠨ ᠪᠠᠶᠢᠭᠤᠯᠭ᠎ᠠ ᠰᠢ ᠶᠢᠨ ᠫᠢᠩ ᠤᠨ  ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠢᠮᠪᠠᠢ ᠰᠤᠷᠤᠯᠴᠠᠬᠤ  ᠶᠢ ᠤᠳᠤᠬᠠᠨ ᠪᠤᠯᠤᠨ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠦ ᠶᠢᠨ ᠡᠭᠦᠷᠭᠡ  ᠪᠤᠯᠭᠠᠵᠤ᠂  ᠶᠡᠷᠦᠩᠬᠡᠢ ᠱᠦᠵᠢ ᠶᠢᠨ ︿︿ᠠᠷᠪᠠᠨ ᠨᠢᠭᠡᠨ ᠪᠠᠷᠢᠮᠲᠠᠯᠠᠬᠤ﹀﹀  ᠴᠢᠬᠤᠯᠠ ᠦᠵᠡᠯ ᠰᠠᠨᠠᠭ᠎ᠠ ᠪᠤᠯᠤᠨ ᠪᠠᠶᠢᠯᠳᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠵᠤᠷᠢᠭ ᠰᠠᠨᠠᠭ᠎ᠠ ᠶᠢ ᠰᠤᠷᠤᠯᠴᠠᠨ᠂ ᠭᠤᠤᠯ ᠠᠭᠤᠯᠭ᠎ᠠ ᠶᠢ ᠡᠵᠡᠮᠰᠢᠵᠦ᠂ ᠠᠵᠢᠯ ᠤᠨ ᠱᠠᠭᠠᠷᠳᠠᠯᠭ᠎ᠠ ᠶᠢ  ᠲᠤᠳᠤᠷᠬᠠᠶᠢᠯᠠᠵᠤ᠂  ᠰᠢ ᠶᠢᠨ ᠫᠢᠩ ᠤᠨ  ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ  ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠡᠯ᠎ᠡ ᠲᠠᠯ᠎ᠠ ᠪᠤᠯᠤᠨ ᠪᠦᠬᠦ ᠦᠩᠭᠡᠷᠡᠯᠲᠡ ᠶᠢᠨ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠤᠳᠤᠬᠠᠨ᠂ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠵᠢᠴᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢᠨ ᠪᠤᠳᠠᠳᠠᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ  ᠲᠠᠭᠠᠤ ᠵᠠᠰᠠᠨ ᠴᠡᠭᠴᠡᠯᠡᠬᠦ ᠶᠢ ᠴᠢᠩᠭ᠎ᠠ ᠠᠳᠬᠤᠵᠤ ᠠᠬᠢᠭᠤᠯᠤᠨ᠂  ᠮᠠᠨ ᠤ ᠬᠤᠳᠠ ᠶᠢᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠤᠲᠠᠭᠲᠠᠯ  ᠲᠠᠢ ᠲᠠᠯ᠎ᠠ ᠪᠠᠨ ᠴᠢᠷᠮᠠᠶᠢᠨ ᠨᠦᠬᠦᠪᠦᠷᠢᠯᠡᠬᠦ ᠬᠡᠷᠡᠭᠲᠡᠢ ᠭᠡᠵᠡᠢ᠃     ᠯᠢᠦ ᡁᠢ ᠫᠢᠩ‌‍ᠱᠠᠭᠠᠷᠳᠠᠬᠤ ᠳᠠᠭᠠᠨ᠂  ᠨᠠᠮ ᠤᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠠᠵᠢᠯ  ᠤᠨ ᠤᠳᠤᠷᠢᠳᠤᠯᠭ᠎ᠠ ᠪᠠᠨ ᠤᠯᠠᠮ ᠴᠢᠩᠭᠠᠳᠬᠠᠨ᠂  ᠬᠤᠳᠠ ᠶᠢᠨ ᠨᠠᠮ ᠤᠨ ᠬᠤᠷᠢᠶᠠᠨ ᠤ ᠬᠠᠤᠯᠢ ᠪᠠᠷ ᠬᠤᠳᠠ ᠪᠠᠨ ᠵᠠᠰᠠᠬᠤ  ᠵᠥᠪᠯᠡᠯ ᠤᠨ ᠲᠤᠯᠤᠭᠠᠶᠢᠯᠠᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂  ᠬᠠᠤᠯᠢ ᠪᠠᠷ  ᠵᠠᠰᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠶᠢᠳᠪᠦᠷᠢ ᠶᠢ ᠳᠠᠷᠤᠶᠢᠬᠠᠨ ᠰᠤᠳᠤᠯᠵᠤ᠂  ᠬᠠᠤᠯᠢ ᠪᠠᠷ ᠬᠤᠳᠠ ᠪᠠᠨ ᠵᠠᠰᠠᠬᠤ ᠭᠤᠤᠯᠳᠠᠯᠭᠠᠲᠤ ᠠᠵᠢᠯ ᠢ  ᠪᠠᠶᠢᠷᠢᠯᠠᠭᠤᠯᠵᠤ᠂   ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠪᠤᠯᠤᠨ ᠠᠵᠤ ᠠᠬᠤᠢ  ᠨᠡᠶᠢᠭᠡᠮ ᠤᠨ ᠭᠦᠭᠵᠢᠯᠲᠡ ᠶᠢ ᠬᠠᠮᠲᠤ ᠳᠤᠨᠢ  ᠪᠠᠶᠢᠷᠢᠯᠠᠭᠤᠯᠵᠤ᠂  ᠠᠬᠢᠭᠤᠯᠤᠨ᠂  ᠬᠠᠮᠲᠤ ᠳᠤᠨᠢ ᠰᠢᠯᠭᠠᠨ ᠪᠠᠶᠢᠴᠠᠭᠠᠵᠤ ᠱᠠᠩᠨᠠᠨ ᠲᠤᠷᠭᠤᠭᠠᠬᠤ ᠬᠡᠷᠡᠭᠲᠡᠢ᠃  ᠬᠤᠳᠠ ᠶᠢᠨ ᠬᠠᠤᠯᠢ  ᠪᠠᠷ ᠵᠠᠰᠠᠬᠤ ᠠᠯᠪᠠᠨ ᠭᠡᠷ ᠱᠠᠯᠠᠪᠳᠠᠭᠤᠯᠤᠨ ᠵᠢᠯᠤᠭᠤᠳᠬᠤ ᠶᠢ ᠨᠢᠭᠡᠳᠦᠯᠲᠡᠢ ᠲᠤᠬᠢᠷᠠᠭᠤᠯᠵᠤ᠂  ᠲᠥᠷᠪᠡᠨ ᠲᠤᠬᠢᠷᠠᠯᠴᠠᠭᠤᠯᠬᠤ ᠲᠤᠭᠤᠶᠢᠯᠠᠩ ᠵᠢᠴᠢ ᠪᠤᠰᠤᠳ ᠬᠡᠰᠢᠭᠦᠨ ᠪᠠᠶᠢᠭᠤᠯᠭ᠎ᠠ ᠲᠠᠢ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂  ᠡᠬᠢ ᠪᠠᠶᠠᠯᠢᠭ ᠢᠶᠠᠨ ᠬᠠᠮᠳᠤᠳᠬᠠᠵᠠᠤ ᠠᠵᠢᠯ ᠤᠨ ᠬᠦᠴᠦᠯᠡᠴᠡ ᠪᠠᠨ ᠨᠢᠭᠡᠳᠭᠡᠨ᠂  ᠵᠥᠪᠯᠡᠯ ᠤᠨ ᠰᠶᠢᠳᠪᠦᠷᠢ  ᠶᠢ ᠲᠤᠬᠢᠷᠠᠯᠴᠠᠭᠤᠯᠤᠨ ᠠᠬᠢᠭᠤᠯᠵᠤ᠂  ᠠᠵᠢᠯ ᠤᠨ ᠦᠷ᠎ᠠ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃  ᠡᠯ᠎ᠡ ᠬᠡᠰᠢᠭᠦᠨ ᠪᠠᠶᠢᠭᠤᠯᠭ᠎ᠠ ᠤᠯᠤᠰ ᠲᠥᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠬᠤᠪᠢᠳᠠᠨ ᠬᠠᠮᠢᠶᠠᠷᠴᠦ ᠪᠠᠶᠢᠭ᠎ᠠ ᠬᠦᠷᠢᠶ᠎ᠡ ᠴᠠᠷᠠᠭ᠎ᠠ ᠶᠢᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂  ᠬᠠᠤᠯᠢ ᠪᠠᠷ ᠵᠠᠰᠠᠬᠤ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃  ᠤᠯᠤᠰ ᠲᠥᠷᠦ ᠬᠠᠤᠯᠢ ᠴᠠᠭᠠᠵᠠ  ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ  ᠪᠠᠨ ᠴᠢᠩᠭᠠᠳᠬᠠᠨ᠂  ᠤᠯᠤᠰ ᠲᠥᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ   ᠲᠠᠢ ᠤᠶᠠᠯᠳᠤᠭᠤᠯᠤᠨ᠂  ᠨᠠᠮ ᠤᠨ ᠲᠡᠤᠬᠡ ᠶᠢᠨ ᠰᠤᠷᠤᠯᠴᠠᠭ᠎ᠠ ᠬᠦᠮᠦᠵᠢᠯ ᠪᠤᠯᠤᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠨᠤᠯ ᠤᠨ ᠬᠦᠮᠦᠵᠢᠯ ᠢ ᠭᠦᠨᠵᠡᠭᠡᠢ ᠥᠷᠨᠢᠭᠦᠯᠵᠦ᠂  ᠥᠷᠭᠡᠨ ᠤᠯᠠᠨ ᠤᠯᠤᠰ ᠲᠥᠷᠦ ᠬᠠᠤᠯᠢ ᠴᠠᠭᠠᠵᠠ ᠶᠢᠨ ᠺᠠᠳ᠋ᠷ ᠤᠨ ᠬᠦᠰᠡᠯ ᠢᠲᠡᠭᠡᠯ ᠤᠨ ᠬᠦᠮᠦᠵᠢᠯ ᠢ ᠴᠢᠩᠭᠠᠳᠬᠠᠵᠤ᠂  ᠬᠠᠤᠯᠢ ᠪᠠᠷ ᠵᠠᠰᠠᠬᠤ ᠡᠩᠨᠡᠭᠡᠨ ᠤ ᠬᠤᠪᠢᠰᠬᠠᠯᠴᠢᠯᠠᠭᠰᠠᠨ᠂ ᠳᠦᠷᠢᠮᠵᠢᠭᠰᠡᠨ᠂  ᠲᠤᠰᠬᠠᠢ ᠮᠡᠷᠭᠡᠵᠢᠭᠰᠡᠨ᠂  ᠠᠵᠢᠯ ᠤᠨ ᠢᠳᠡᠪᠬᠢᠵᠢᠯ ᠢ ᠠᠬᠢᠭᠤᠯᠵᠤ᠂  ᠰᠢᠯᠢᠳᠡᠭ ᠬᠠᠤᠯᠢ ᠶᠢᠨ  ᠴᠢᠳᠠᠪᠤᠷᠢᠳᠠᠨ ᠢ ᠰᠤᠩᠭᠤᠨ ᠬᠠᠤᠯᠢ ᠪᠠᠷ ᠵᠠᠰᠠᠬᠤ ᠠᠵᠢᠯ ᠤᠨ ᠰᠠᠯᠠᠭ᠎ᠠ ᠮᠥᠴᠢᠷ ᠲᠤ ᠠᠵᠢᠯᠯᠠᠭᠤᠯᠵᠤ᠂  ᠬᠠᠤᠯᠢ ᠪᠠᠷ ᠵᠠᠰᠠᠬᠤ ᠡᠩᠨᠡᠭᠡᠨ ᠤ ᠲᠤᠰᠬᠠᠢ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠳᠤ︿︿ᠡᠷᠢᠶᠡᠨ ᠬᠤᠳᠠ ᠶᠢᠨ  ᠨᠠᠮ ᠤᠨ ᠬᠤᠷᠢᠶᠠᠨ ᠤ ᠪᠦᠬᠦ  ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠡᠯᠯ ᠤᠨ2021 ᠤᠨ   ᠤ ᠠᠵᠢᠯ ᠤᠨ ᠭᠤᠤᠯᠳᠠᠯᠭ᠎ᠠ﹀﹀ ︿︿2021 ᠤᠨ  ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠯᠦᠪᠯᠡᠭᠡ﹀﹀ ᠶᠢ ᠬᠢᠨᠠᠨ  ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号