ᠤᠯᠠᠨ ᠲᠦᠮᠡᠨ ᠳᠤ ᠪᠤᠳᠠᠳᠤ ᠠᠵᠢᠯ ᠬᠢᠶ᠎ᠡ᠄  ᠬᠠᠤᠯᠢ ᠴᠠᠭᠠᠵᠠ  ᠪᠠᠷ ᠳᠠᠮᠵᠢᠨ ᠤᠯᠠᠨ ᠲᠦᠮᠡᠨ ᠳᠤ ᠪᠤᠳᠠᠳᠤ  ᠲᠤᠰᠠᠯᠠᠮᠵᠢ ᠬᠠᠩᠭᠠᠭᠰᠠᠨ
ᠨᠡᠶᠢᠲᠡᠯᠡᠭᠰᠡᠨ ᠴᠠᠭ᠄
2021/8/5
ᠤᠯᠠᠨ ᠲᠦᠮᠡᠨ ᠳᠤ ᠪᠤᠳᠠᠳᠤ ᠠᠵᠢᠯ ᠬᠢᠶ᠎ᠡ᠄   ᠬᠠᠤᠯᠢ ᠴᠠᠭᠠᠵᠠ   ᠪᠠᠷ ᠳᠠᠮᠵᠢᠨ ᠤᠯᠠᠨ ᠲᠦᠮᠡᠨ ᠳᠤ ᠪᠤᠳᠠᠳᠤ  ᠲᠤᠰᠠᠯᠠᠮᠵᠢ ᠬᠠᠩᠭᠠᠭᠰᠠᠨᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄  ᠦᠢᠷ᠎ᠠ ᠶᠢᠨ ᠡᠳᠦᠷ᠂  ᠬᠤᠳᠠ ᠶᠢᠨ ᠠᠷᠠᠳ ᠤᠨ ᠰᠢᠭᠦᠭᠦ ᠬᠤᠷᠢᠶᠠᠨ ᠤ ᠵᠠᠷᠭᠤᠯᠳᠤᠭᠠᠨ ᠤ ᠦᠢᠯᠡᠴᠢᠯᠡᠭᠡᠨ ᠤ ᠲᠥᠪ‌ᠨᠠᠰᠤᠨ ᠳᠤ ᠥᠯᠦ ᠬᠦᠷᠦᠭᠰᠡᠳ ᠭᠡᠷ ᠤᠨ ᠠᠬᠠᠮᠠᠳ ᠤᠨ ᠲᠥᠯᠦᠪᠦᠷᠢ ᠶᠢᠨ ᠮᠦᠩᠭᠦ  ᠪᠠᠨ  ᠵᠠᠯᠭᠠᠮᠵᠢᠯᠠᠵᠤ ᠲᠡᠶᠢᠯᠬᠦ ᠦᠭᠡᠢ ᠪᠠᠶᠢᠭ᠎ᠠ ᠬᠡᠷᠡᠭ ᠢ ᠵᠤᠬᠢᠰᠲᠠᠢ ᠰᠶᠢᠳᠪᠦᠷᠢᠯᠡᠵᠦ᠂  ᠲᠤᠬᠠᠢ ᠶᠢᠨ ᠬᠦᠮᠦᠨ ᠳᠤ ᠬᠠᠤᠯᠢ ᠴᠠᠭᠠᠵᠠ ᠶᠢᠨ  ᠲᠤᠰᠠᠯᠠᠮᠵᠢ  ᠬᠦᠷᠲᠡᠭᠡᠭᠰᠡᠨ ᠪᠠᠶᠢᠨ᠎ᠠ᠃ 8  ᠰᠠᠷ᠎ᠠ ᠶᠢᠨ2  ᠤ ᠡᠳᠦᠷ᠂  ᠬᠤᠳᠠ ᠶᠢᠨ ᠠᠷᠠᠳ  ᠤᠨ ᠰᠢᠭᠦᠭᠦ  ᠬᠤᠷᠢᠶ᠎ᠡ ᠲᠥᠯᠦᠪᠦᠷᠢ ᠶᠢᠨ ᠮᠦᠩᠭᠦ  ᠪᠤᠯᠤᠨ ᠬᠠᠨᠳᠢᠪ ᠤᠨ ᠮᠦᠩᠭᠦ ᠶᠢ ᠷᠧᠨ ᠤᠪᠤᠭᠲᠤ  ᠳᠤ  ᠬᠦᠷᠭᠡᠵᠡᠢ᠃  ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠬᠡᠰᠢᠭᠦᠨ᠂  ᠤᠯᠤᠰ ᠲᠥᠷᠦ ᠬᠠᠤᠯᠢ ᠴᠠᠭᠠᠵᠠ ᠶᠢᠨ ᠬᠤᠷᠢᠶ᠎ᠡ  ᠶᠢᠨ ᠱᠦᠵᠢ ᠶᠡᠨ ᠬᠤᠩ  ᠤᠷᠤᠯᠴᠠᠵᠠᠢ᠃ ᠲᠠᠶᠢᠯᠤᠮᠵᠢ  ᠄      ᠦᠢᠯᠠᠭᠠᠯᠲᠠ ᠪᠠᠷ᠂   ᠷᠧᠨ ᠤᠪᠤᠭᠲᠤ ᠶᠢᠨ ᠠᠪᠤ ᠨᠢ ᠵᠠᠮ ᠬᠠᠷᠢᠯᠴᠠᠭᠠᠨ ᠤ ᠭᠡᠨᠡᠳᠡᠯ ᠢᠶᠠᠷ ᠨᠠᠰᠤ ᠪᠠᠷᠠᠵᠤ᠂  ᠷᠧᠨ ᠤᠪᠤᠭᠲᠤ  ᠨᠠᠰᠤᠨ ᠳᠤ ᠬᠦᠷᠦᠭᠡ‌ᠦᠭᠡᠢ ᠪᠤᠯᠬᠤᠷ ᠬᠠᠷᠠᠭᠠᠯᠵᠠᠨ ᠬᠠᠮᠠᠭᠠᠯᠠᠬᠤ ᠬᠦᠮᠦᠨ ᠢᠶᠠᠷ ᠲᠤᠭᠲᠠᠭᠠᠬᠤ ᠠᠷᠭ᠎ᠠ ᠦᠭᠡᠢ ᠪᠠᠶᠢᠵᠤ᠂  ᠲᠥᠯᠦᠪᠦᠷᠢ ᠶᠢᠨ ᠮᠦᠩᠭᠦ ᠶᠢ ᠠᠪᠴᠦ ᠲᠡᠶᠢᠯᠦᠭᠡ ᠦᠭᠡᠢ ᠪᠠᠶᠢᠵᠠᠢ  ᠃  ᠬᠤᠳᠠ ᠶᠢᠨ  ᠠᠷᠠᠳ ᠤᠨ ᠰᠢᠭᠦᠬᠦ ᠬᠤᠷᠢᠶ᠎ᠡ ᠲᠤᠰ ᠬᠡᠷᠡᠭ ᠢ ᠲᠤᠰᠤᠭᠰᠠᠨ ᠤ ᠳᠠᠷᠠᠭ᠎ᠠ᠂  ᠳᠠᠷᠤᠶᠢᠬᠠᠨ ᠵᠠᠷᠭᠤᠯᠳᠤᠭᠠᠨ ᠤ ᠦᠢᠯᠡᠴᠢᠯᠡᠭᠡ   ᠪᠠᠷ ᠳᠠᠮᠵᠢᠨ᠂  ᠤᠬᠤᠷᠬᠠᠨ ᠬᠤᠭᠤᠴᠠᠭᠠᠨ ᠳᠤ ᠲᠤᠰ ᠬᠡᠷᠡᠭ ᠢ ᠰᠶᠢᠳᠪᠦᠷᠢᠯᠡᠵᠦ᠂  ᠷᠧᠨ ᠤᠪᠤᠭᠲᠤ ᠲᠥᠯᠦᠪᠦᠷᠢ ᠶᠢᠨ ᠮᠥᠩᠭᠦ ᠪᠠᠨ ᠤᠯᠤᠭᠰᠠᠨ ᠪᠠᠶᠢᠨ᠎ᠠ᠃     ᠡᠭᠦᠨ ᠤ ᠬᠠᠮᠲᠤ᠂  ᠬᠤᠳᠠ ᠶᠢᠨ ᠠᠷᠠᠳ ᠤᠨ ᠰᠢᠭᠦᠭᠦ ᠬᠤᠷᠢᠶᠠᠨ ᠤ ᠪᠦᠬᠦ ᠺᠠᠳ᠋ᠷ ᠴᠠᠭᠳᠠᠭ᠎ᠠ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠤ᠂  ᠲᠤᠬᠠᠢ ᠶᠢᠨ ᠬᠦᠮᠦᠨ ᠳᠤ 7900 ᠲᠥᠭᠦᠷᠢᠭ ᠤᠨ ᠬᠠᠨᠳᠢᠪ ᠤᠨ ᠮᠥᠩᠭᠦ ᠬᠠᠨᠳᠢᠪᠯᠠᠭᠰᠠᠨ ᠪᠠᠶᠢᠨ᠎ᠠ᠃  ᠶᠡᠨ ᠬᠤᠩ ᠲᠤᠰ ᠬᠡᠷᠡᠭ ᠢ ᠳᠠᠷᠤᠶᠢᠬᠠᠨ ᠰᠶᠢᠳᠪᠦᠷᠢᠯᠡᠭᠰᠡᠨ ᠳᠤ ᠭᠦᠢᠴᠡᠳ ᠨᠤᠲᠠᠯᠠᠯᠲᠠ ᠦᠭᠴᠦ᠂  ᠵᠢᠭᠠᠬᠤ ᠳᠠᠭᠠᠨ᠂  ︿︿ ᠤᠯᠠᠨ ᠲᠦᠮᠡᠨ ᠳᠤ ᠪᠤᠳᠠᠳᠤ ᠠᠵᠢᠯ ᠬᠢᠬᠦ﹀﹀ ᠦᠢᠯᠡᠳᠦᠯᠭᠡ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ  ᠪᠤᠳᠠᠳᠠᠢ ᠦᠢᠯᠡᠳᠦᠯᠭᠡ ᠪᠤᠯᠭᠠᠵᠤ᠂  ᠤᠯᠠᠨ ᠲᠦᠮᠡᠨ ᠳᠤ ᠪᠤᠳᠠᠳᠤ ᠠᠵᠢᠯ ᠬᠢᠬᠦ᠂  ᠬᠦᠴᠢᠷ ᠠᠰᠠᠭᠤᠳᠠᠯ ᠢ ᠰᠡᠶᠢᠳᠪᠦᠷᠢᠯᠡᠬᠦ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠪᠦᠬᠦ ᠦᠩᠭᠡᠷᠡᠯᠲᠡ ᠲᠤ  ᠲᠤᠤᠱᠯᠠᠭᠤᠯᠵᠤ᠂  ᠨᠠᠮ ᠤᠨ ᠲᠡᠤᠬᠡ ᠶᠢ ᠰᠤᠷᠴᠦ  ᠶᠤᠰᠤ ᠤᠴᠢᠷ ᠢ ᠦᠢᠯᠠᠭᠠᠬᠤ ᠶᠢ ᠪᠤᠳᠠᠳᠤ ᠠᠵᠢᠯ ᠬᠢᠬᠦ ᠠᠵᠢᠯᠯᠠᠭ᠎ᠠ ᠪᠤᠯᠭᠠᠨ ᠬᠤᠪᠢᠷᠠᠭᠤᠯᠵᠤ᠂  ᠡᠯ᠎ᠡ ᠲᠥᠷᠦᠯ ᠤᠨ ᠠᠰᠠᠭᠤᠳᠠᠯ ᠢ ᠰᠶᠢᠳᠪᠦᠷᠢᠯᠡᠵᠦ᠂  ᠤᠯᠠᠨ ᠲᠦᠮᠡᠨ ᠤ  ᠬᠠᠨᠤᠮᠵᠢ ᠶᠢᠨ ᠬᠡᠮᠵᠢᠶ᠎ᠡ᠂  ᠵᠤᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃  ᠠᠷᠠᠳ ᠤᠨ ᠰᠢᠭᠦᠭᠦ ᠬᠤᠷᠢᠶ᠎ᠡ ᠲᠥᠪ ᠭᠤᠤᠯᠴᠢ ᠬᠠᠤᠯᠢ ᠴᠠᠭᠠᠵᠠ ᠶᠢᠨ ᠬᠠᠮᠤᠭ ᠰᠡᠭᠦᠯᠴᠢ ᠶᠢᠨ ᠰᠡᠷᠭᠡᠶᠢᠯᠡᠯᠲᠡ ᠶᠢᠨ ᠱᠤᠭᠤᠮ  ᠪᠤᠯᠤᠭᠰᠠᠨ ᠤ ᠬᠤᠪᠢ ᠳᠤ ᠠᠷᠠᠳ ᠲᠦᠮᠡᠨ ᠢᠶᠠᠷ ᠭᠤᠤᠯ ᠪᠤᠯᠭᠠᠬᠤ ᠶᠢ  ᠪᠠᠷᠢᠮᠲᠠᠯᠠᠵᠤ᠂  ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠪᠠᠷ ᠠᠵᠢᠯ ᠤᠨ ᠴᠢᠭᠯᠡᠯ ᠪᠤᠯᠭᠠᠵᠤ ᠂  ᠤᠯᠠᠨ ᠲᠦᠮᠡᠨ ᠤ ᠲᠤᠯᠭᠠᠮ᠎ᠠ ᠬᠦᠴᠢᠷ  ᠰᠶᠢᠳᠪᠦᠷᠢᠯᠡᠬᠦ ᠶᠢ ᠬᠦᠯᠢᠶᠡᠵᠦ ᠪᠠᠶᠢᠭ᠎ᠠ ᠤᠴᠢᠷ ᠠᠴᠠ ᠡᠬᠢᠯᠡᠨ ᠬᠠᠤᠯᠢ ᠴᠠᠭᠠᠵᠠ ᠪᠠᠷ ᠰᠶᠢᠳᠪᠦᠷᠢᠯᠡᠵᠦ ᠦᠭᠬᠦ ᠬᠡᠷᠡᠭᠲᠡᠢ ᠭᠡᠵᠢ᠃  ᠶᠡᠨ ᠬᠤᠩ  ᠡᠯ᠎ᠡ ᠬᠠᠮᠢᠶᠠᠲᠠᠢ ᠰᠠᠯᠠᠭ᠎ᠠ ᠮᠥᠴᠢᠷ ᠰᠤᠷᠤᠯᠴᠠᠯᠭ᠎ᠠ ᠠᠮᠢᠳᠤᠷᠠᠯ ᠤᠨ ᠲᠠᠯ᠎ᠠ ᠳᠤ ᠷᠧᠨ ᠤᠪᠤᠭᠲᠤ ᠶᠢ ᠢᠯᠡᠭᠦᠬᠡᠨ ᠬᠠᠯᠠᠮᠵᠢᠯᠠᠬᠤ ᠶᠢ ᠱᠠᠭᠠᠷᠳᠠᠬᠤ ᠶᠢᠨ ᠬᠠᠮᠲᠤ᠂  ᠷᠧᠨ ᠤᠪᠤᠭᠲᠤ ᠶᠢ ᠠᠮᠢᠳᠤᠷᠠᠯ ᠳᠤ ᠪᠠᠨ ᠢᠳᠡᠪᠬᠢᠲᠠᠢ ᠬᠠᠨᠳᠤᠵᠤ᠂  ᠴᠢᠷᠮᠠᠶᠢᠨ ᠰᠤᠷᠤᠯᠴᠵᠠᠤ᠂  ᠡᠷᠡᠭᠦᠯ ᠢᠶᠠᠷ ᠦᠰᠦᠨ ᠪᠤᠶᠢᠵᠢᠬᠤ ᠶᠢ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号