ᠰᠢᠨ ᠰᠢᠩ ᠬᠡᠤᠬᠡᠳ ᠤᠨ ᠴᠡᠴᠡᠷᠯᠢᠭ ᠠᠩᠬᠠᠳᠠᠭᠴᠢ ᠬᠤᠭᠤᠴᠠᠭᠠᠨ ᠤ  ᠴᠡᠷᠢᠭ ᠤᠨ ᠬᠤᠸᠠᠷᠠᠨ ᠤ ᠠᠮᠢᠳᠤᠷᠠᠯ ᠢ ᠦᠢᠯᠠᠭᠠᠬᠤ ᠠᠵᠢᠯᠯᠠᠭ᠎ᠠ ᠥᠷᠨᠢᠭᠦᠯᠦᠭᠰᠡᠨ
ᠨᠡᠶᠢᠲᠡᠯᠡᠭᠰᠡᠨ ᠴᠠᠭ᠄
2021/8/5
ᠰᠢᠨ ᠰᠢᠩ ᠬᠡᠤᠬᠡᠳ ᠤᠨ ᠴᠡᠴᠡᠷᠯᠢᠭ ᠠᠩᠬᠠᠳᠠᠭᠴᠢ ᠬᠤᠭᠤᠴᠠᠭᠠᠨ ᠤ  ᠴᠡᠷᠢᠭ ᠤᠨ ᠬᠤᠸᠠᠷᠠᠨ ᠤ ᠠᠮᠢᠳᠤᠷᠠᠯ ᠢ ᠦᠢᠯᠠᠭᠠᠬᠤ ᠠᠵᠢᠯᠯᠠᠭ᠎ᠠ ᠥᠷᠨᠢᠭᠦᠯᠦᠭᠰᠡᠨᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄      ᠦᠢᠷ᠎ᠠ ᠶᠢᠨ ᠵᠢᠯ ᠤᠳ ᠲᠤ᠂  ᠵᠤᠨ ᠤ ᠠᠮᠠᠷᠠᠯᠲᠠ ᠶᠢᠨ ᠴᠠᠭ ᠢ ᠠᠰᠢᠭᠯᠠᠵᠤ ᠬᠡᠤᠬᠡᠳ ᠤᠳ ᠴᠡᠷᠢᠭ ᠤᠨ  ᠬᠤᠸᠠᠷᠠᠨ ᠤ ᠠᠮᠢᠳᠤᠷᠠᠯ ᠢ ᠪᠡᠶ᠎ᠡ ᠪᠠᠷ ᠢᠶᠠᠨ ᠦᠢᠯᠠᠭᠠᠬᠤ ᠵᠤᠭᠠᠴᠠᠯ  ᠳᠤ ᠤᠷᠤᠯᠴᠠᠵᠤ᠂  ᠡᠷᠴᠢ  ᠵᠤᠷᠢᠭ ᠢᠶᠠᠨ ᠪᠤᠯᠪᠠᠰᠤᠷᠠᠭᠤᠯᠬᠤ ᠨᠢ ᠭᠡᠷ  ᠤᠨ ᠠᠬᠠᠮᠠᠳ ᠤᠨ ᠬᠠᠯᠠᠭᠤᠨ ᠰᠤᠩᠭᠤᠯᠲᠠ ᠪᠤᠯᠤᠭᠰᠠᠨ ᠪᠠᠶᠢᠨ᠎ᠠ᠃  ᠦᠢᠷ᠎ᠠ ᠶᠢᠨ ᠡᠳᠦᠷ᠂  ᠬᠤᠳᠠ ᠶᠢᠨ ᠰᠢᠨ ᠰᠢᠩ  ᠬᠡᠤᠬᠡᠳ ᠤᠨ ᠴᠡᠴᠡᠷᠯᠢᠭ ᠤᠨ ᠠᠩᠬᠠᠳᠠᠭᠴᠢ  ᠬᠤᠭᠤᠴᠠᠭᠠᠨ ᠤ ᠴᠡᠷᠢᠭ ᠤᠨ  ᠬᠤᠸᠠᠷᠠᠨ ᠤ  ᠠᠮᠢᠳᠤᠷᠠᠯ ᠢ ᠪᠡᠶ᠎ᠡ ᠪᠠᠷ ᠢᠶᠠᠨ ᠦᠢᠯᠠᠭᠠᠬᠤ ᠵᠤᠭᠠᠴᠠᠯ ᠤᠨ ᠶᠤᠰᠤᠯᠠᠯ ᠵᠢᠴᠢ ᠶᠡᠭᠡ ᠠᠩᠭᠢ ᠶᠢᠨ ᠲᠡᠭᠦᠰᠬᠦ ᠶᠤᠰᠤᠯᠠᠯ ᠢᠶᠠᠨ ᠶᠠᠪᠤᠭᠳᠠᠭᠤᠯᠤᠭᠰᠠᠨ ᠪᠠᠶᠢᠨ᠎ᠠ᠃ ᠲᠠᠶᠢᠯᠤᠮᠵᠢ  ᠄    ᠠᠵᠢᠯᠯᠠᠭ᠎ᠠ  ᠳᠤ᠂  ᠪᠢᠴᠢᠬᠠᠨ ᠪᠠᠶᠢᠯᠳᠤᠭᠴᠢᠳ᠂  ᠳᠠᠷᠤᠭ᠎ᠠ ᠶᠢᠨ ᠢᠶᠠᠨ ᠤᠳᠤᠷᠢᠳᠤᠯᠭ᠎ᠠ ᠳᠤᠤᠷ᠎ᠠ᠂ ᠴᠡᠷᠢᠭ ᠤᠨ ᠪᠤᠯᠪᠠᠰᠤᠷᠠᠯ ᠤᠨ ᠡᠷᠳᠡᠮ ᠢᠶᠠᠨ ᠬᠠᠷᠠᠭᠤᠯᠤᠭᠰᠠᠨ ᠪᠠᠶᠢᠨ᠎ᠠ᠃  ᠤᠯᠠᠨ ᠢᠶᠠᠷ ᠢᠶᠠᠨ  ᠴᠡᠷᠢᠭ ᠬᠦᠮᠦᠨ ᠤ  ᠡᠷᠡᠰ ᠬᠠᠳᠠᠭᠤ ᠵᠤᠷᠢᠭ  ᠰᠥᠰᠦ ᠢ  ᠭᠦᠢᠴᠡᠳ ᠬᠠᠷᠠᠭᠤᠯᠵᠤ ᠪᠠᠶᠢᠯ᠎ᠠ᠃       ᠳᠡᠭᠰᠢᠯᠡᠵᠦ ᠵᠠᠰᠠᠬᠤ ᠬᠡᠰᠡᠭ ᠲᠤ᠂  ᠰᠤᠷᠤᠭᠴᠢᠳ ᠤᠷᠥ  ᠪᠠᠨ  ᠳᠡᠭᠰᠢᠯᠡᠬᠦ᠂  ᠬᠦᠨᠵᠢᠯᠨ ᠡᠪᠬᠡᠬᠦ  ᠵᠡᠷᠭᠡ ᠮᠡᠷᠭᠡᠵᠢᠯ ᠢᠶᠠᠨ ᠰᠤᠷᠢᠯᠴᠠᠭᠰᠠᠨ ᠪᠠᠶᠢᠨ᠎ᠠ᠃  ᠤᠯᠠᠨ ᠢᠶᠠᠷ ᠳᠦᠷᠢᠮ ᠶᠤᠰᠤᠭᠠᠷ ᠡᠪᠬᠡᠵᠦ ᠳᠡᠭᠰᠢᠯᠡᠨ  ᠂  ᠢᠳᠡ  ᠬᠥᠭ ᠲᠠᠢ ᠶᠠᠪᠤᠭᠳᠠᠵᠤ ᠪᠠᠶᠢᠯ᠎ᠠ᠃        ᠦᠷ᠎ᠠ ᠪᠦᠲᠦᠮᠵᠢ ᠶᠢ  ᠬᠠᠷᠠᠭᠤᠯᠬᠤ ᠠᠴᠠ ᠭᠠᠳᠠᠨ᠎ᠠ᠂  ᠰᠠᠭᠠᠳ ᠢ ᠬᠡᠳᠦᠯᠬᠦ᠂  ᠳᠡᠩᠴᠡᠭᠦᠷᠢᠲᠦ ᠮᠤᠳᠤᠨ ᠤ ᠤᠷᠤᠯᠳᠤᠭᠠᠨ ᠵᠡᠷᠭᠡ ᠨᠢ ᠬᠡᠤᠬᠡᠳ ᠤᠨ ᠡᠷᠴᠢ ᠵᠤᠷᠢᠭ ᠢ  ᠪᠤᠯᠪᠠᠰᠤᠷᠠᠭᠤᠯᠤᠭᠰᠠᠨ ᠪᠠᠶᠢᠨ᠎ᠠ᠃ ᠰᠤᠷᠪᠤᠯᠵᠢᠯᠠᠭ᠎ᠠ᠄  ᠲᠤᠰ ᠤᠳᠠᠭᠠᠨ ᠤ ᠴᠡᠷᠢᠭ ᠤᠨ ᠶᠠᠪᠤᠳᠠᠯ ᠤᠨ ᠵᠤᠭᠠᠴᠠᠯ ᠳᠤ ᠤᠷᠤᠯᠴᠠᠭᠠᠳ ᠪᠢ ᠲᠦᠢᠯ ᠤᠨ ᠪᠠᠶᠠᠷᠲᠠᠢ ᠪᠠᠶᠢᠨ᠎ᠠ᠃  ᠪᠢ ᠪᠦᠯᠬᠦᠮᠳᠡᠨ ᠵᠤᠷᠢᠭᠲᠠᠢ ᠤᠷᠤᠭᠰᠢᠯᠠᠬᠤ ᠶᠢ ᠰᠤᠷᠴᠦ᠂  ᠮᠦᠨᠴᠦ ᠤᠯᠠᠨ ᠵᠦᠢᠯ  ᠠᠮᠢᠳᠤᠷᠠᠯ ᠤᠨ ᠮᠡᠷᠭᠡᠵᠢᠯ ᠢ ᠡᠵᠡᠮᠰᠢᠵᠦ᠂  ᠪᠢ ᠤᠳᠦ  ᠤᠯᠠᠨ ᠵᠦᠢᠯ  ᠢ ᠦᠪᠡᠷ ᠢᠶᠠᠨ ᠬᠢᠵᠦ ᠴᠢᠳᠠᠬᠤ ᠪᠤᠯᠤᠭᠰᠠᠨ ᠶᠤᠮ᠃ ᠪᠢ ᠲᠤᠮᠤ ᠪᠤᠯᠤᠭᠰᠠᠨ ᠤ ᠳᠠᠷᠠᠭ᠎ᠠ ᠴᠢᠯᠦᠭᠡᠯᠡᠬᠦ ᠴᠡᠷᠢᠭ ᠤᠨ ᠠᠪᠠᠭ᠎ᠠ ᠨᠠᠷ ᠲᠠᠢ ᠠᠳᠠᠯᠢᠬᠠᠨ ᠭᠡᠷ ᠤᠷᠤᠨ ᠢᠶᠠᠨ ᠬᠠᠮᠠᠭᠠᠯᠠᠨ᠎ᠠ᠃        ᠠᠵᠢᠯᠯᠠᠭ᠎ᠠ ᠳᠤ᠂  ᠪᠢᠴᠢᠬᠠᠨ ᠰᠤᠷᠤᠯᠴᠠᠭᠴᠢᠳ ᠲᠤ  ᠲᠡᠭᠦᠰᠬᠦ ᠦᠨᠡᠮᠯᠡᠯ  ᠤᠯᠭᠤᠵᠠᠢ᠃      ᠦᠢᠯᠠᠭᠠᠯᠲᠠ ᠪᠠᠷ᠂  ᠲᠤᠰ ᠬᠤᠭᠤᠴᠠᠭᠠᠨ ᠤ ᠬᠡᠤᠬᠡᠳ  ᠤᠳ ᠴᠡᠷᠢᠭ ᠤᠨ  ᠶᠠᠪᠤᠳᠠᠯ ᠤᠨ ᠦᠪᠡᠷ ᠤᠨ ᠪᠡᠶ᠎ᠡ  ᠪᠠᠷ ᠢᠶᠠᠨ ᠦᠢᠯᠠᠭᠠᠬᠤ ᠵᠤᠭᠠᠴᠠᠯ᠂  ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂  ᠨᠡᠶᠢᠲᠡ56 ᠰᠤᠷᠤᠭᠴᠢ ᠤᠷᠤᠯᠴᠠᠵᠤ᠂  ᠬᠡᠤᠬᠡᠳ ᠤᠳ ᠢ ᠴᠡᠷᠢᠭ ᠤᠨ ᠬᠤᠸᠠᠷᠠᠨ ᠤ ᠳᠦᠷᠢᠮ ᠶᠤᠰᠤᠭᠠᠷ᠂  ᠰᠠᠭᠤᠬᠤ᠂  ᠵᠤᠭᠰᠤᠬᠤ ᠶᠠᠪᠤᠬᠤ ᠵᠡᠷᠭᠡ ᠲᠠᠯ᠎ᠠ ᠳᠤ  ᠴᠡᠷᠢᠭ ᠤᠨ ᠬᠠᠮᠢᠶᠠᠷᠤᠯᠲᠠ ᠶᠢ ᠶᠠᠪᠤᠭᠳᠠᠭᠤᠯᠵᠤ᠂  ᠬᠡᠤᠬᠡᠳ ᠤᠳ ᠤᠨ ᠢᠲᠡᠭᠡᠯ ᠢ ᠨᠡᠮᠡᠭᠳᠡᠭᠦᠯᠵᠦ᠂  ᠬᠠᠮᠲᠤ ᠨᠡᠶᠢᠲᠡ ᠶᠢᠨ ᠤᠬᠠᠮᠰᠠᠷ᠂  ᠬᠠᠷᠢᠭᠤᠴᠠᠯᠭᠠᠲᠤ ᠤᠬᠠᠮᠰᠠᠷ  ᠢ ᠪᠤᠢ ᠪᠤᠯᠭᠠᠵᠤ᠂  ᠬᠡᠤᠬᠡᠳ ᠤᠨ ᠪᠡᠶ᠎ᠡ ᠢ ᠪᠤᠯᠪᠠᠰᠤᠷᠠᠭᠤᠯᠤᠨ᠂   ᠤᠯᠤᠰ ᠤᠨ ᠬᠠᠮᠠᠭᠠᠯᠠᠯᠲᠠ ᠶᠢᠨ ᠦᠵᠡᠯᠲᠡ ᠶᠢ ᠭᠦᠨᠵᠡᠭᠡᠶᠢᠷᠡᠭᠦᠯᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号