ᠮᠠᠨ ᠤ ᠬᠤᠳᠠ12--14  ᠨᠠᠰᠤᠨ ᠤ ᠬᠡᠤᠬᠡᠳ ᠲᠤ ᠰᠢᠨ᠎ᠡ ᠲᠢᠲᠢᠮᠯᠢᠭ  ᠸᠢᠷᠦ᠋ᠰ  ᠤᠨ ᠸᠠᠺᠼᠢᠨ ᠤ ᠲᠠᠷᠢᠯᠭ᠎ᠠ‌‍ᠲ᠋ᠠᠷᠢᠵᠤ ᠡᠬᠢᠯᠡᠭᠰᠡᠨ
ᠨᠡᠶᠢᠲᠡᠯᠡᠭᠰᠡᠨ ᠴᠠᠭ᠄
2021/8/5
ᠮᠠᠨ ᠤ ᠬᠤᠳᠠ12--14  ᠨᠠᠰᠤᠨ ᠤ ᠬᠡᠤᠬᠡᠳ ᠲᠤ ᠰᠢᠨ᠎ᠡ ᠲᠢᠲᠢᠮᠯᠢᠭ  ᠸᠢᠷᠦ᠋ᠰ  ᠤᠨ ᠸᠠᠺᠼᠢᠨ ᠤ ᠲᠠᠷᠢᠯᠭ᠎ᠠ‌‍ᠲ᠋ᠠᠷᠢᠵᠤ ᠡᠬᠢᠯᠡᠭᠰᠡᠨᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄    ᠵᠠᠯᠠᠭᠤᠴᠤᠳ ᠲᠤ ᠰᠢᠨ᠎ᠡ ᠲᠢᠲᠢᠮᠯᠢᠭ  ᠸᠢᠷᠦ᠋ᠰ ‍ᠦᠨ‌‍ᠸᠠᠺᠼᠢᠨ ᠤ ᠲᠠᠷᠢᠯᠭ᠎ᠠ ᠲᠠᠷᠢᠬᠤ ᠨᠢ ᠤᠯᠠᠨ ᠲᠦᠮᠡᠨ ᠤ ᠡᠪᠡᠳᠴᠢᠨ ᠢ ᠡᠰᠡᠷᠭᠦᠴᠡᠬᠦ ᠬᠠᠯᠠᠬᠠᠪᠴᠢ ᠶᠢ ᠪᠦᠷᠢᠯᠳᠦᠭᠦᠯᠵᠦ᠂  ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠬᠠᠤ ᠶᠢ ᠬᠤᠷᠢᠭᠯᠠᠬᠤ ᠴᠢᠬᠤᠯᠠ ᠦᠢᠯᠡᠳᠦᠯ ᠲᠠᠢ ᠶᠤᠮ᠃ 8  ᠰᠠᠷ᠎ᠠ ᠶᠢᠨ1  ᠤ  ᠡᠳᠦᠷ ᠠᠴᠠ ᠡᠬᠢᠯᠡᠨ ᠮᠠᠨ ᠤ ᠬᠤᠳᠠ 12 -- 14 ᠨᠠᠰᠤᠨ ᠤ  ᠬᠡᠤᠬᠡᠳ ᠳᠤ ᠰᠢᠨ᠎ᠡ ᠲᠢᠲᠢᠮᠯᠢᠭ  ᠸᠢᠷᠦ᠋ᠰ  ᠤᠨ ᠸᠠᠺᠼᠢᠨ ᠤ ᠲᠠᠷᠢᠯᠭ᠎ᠠ‌‍ᠲ᠋ᠠᠷᠢᠵᠤ ᠡᠬᠢᠯᠡᠭᠰᠡᠨ ᠪᠠᠶᠢᠨ᠎ᠠ᠃ ᠲᠠᠶᠢᠯᠤᠮᠵᠢ  ᠄    8  ᠰᠠᠷ᠎ᠠ ᠶᠢᠨ2  ᠤ ᠡᠳᠦᠷ᠂  ᠰᠤᠷᠪᠤᠯᠵᠢᠯᠠᠭᠴᠢ ᠬᠤᠳᠠ ᠶᠢᠨ ᠰᠢᠯᠢᠨ ᠨᠡᠶᠢᠭᠡᠮ ᠲᠤᠭᠤᠷᠢᠭ ᠤᠨ ᠡᠷᠡᠭᠦᠯ  ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠲᠠᠷᠢᠯᠭ᠎ᠠ ᠲᠠᠷᠢᠬᠤ ᠴᠡᠭ ᠲᠤ  ᠬᠦᠷᠬᠦ ᠳᠤ᠂  ᠸᠠᠺᠼᠢᠨ ᠤ ᠲᠠᠷᠢᠯᠭ᠎ᠠ ᠲᠠᠷᠢᠭᠤᠯᠬᠤ ᠪᠠᠷ ᠢᠷᠡᠭᠰᠡᠨ ᠬᠡᠤᠬᠡᠳ ᠡᠮᠬᠢ ᠲᠢᠭᠯᠢᠮ ᠲᠠᠢ ᠮᠦᠷᠯᠡᠵᠦ᠂  ᠡᠨᠡ ᠵᠢᠯ13  ᠨᠠᠰᠤᠲᠠᠢ ᠹᠠᠨ ᠢᠤᠢ ᠴᠧᠨ ᠪᠤᠯ  ᠵᠢᠷᠭᠤᠳᠤᠭᠠᠷ ᠤᠨ ᠤ ᠰᠤᠷᠤᠭᠴᠢ ᠪᠤᠯᠤᠨ᠎ᠠ᠃  ᠲᠠᠷᠢᠯᠭ᠎ᠠ ᠲᠠᠷᠢᠭᠤᠯᠬᠤ  ᠮᠡᠳᠡᠭᠳᠡᠯ ᠢ ᠲᠤᠰᠤᠭᠰᠠᠨ ᠤ ᠳᠠᠷᠠᠭ᠎ᠠ ᠲᠡᠷᠡ ᠡᠵᠢ   ᠶᠢᠨ ᠢᠶᠠᠨ ᠳᠠᠭᠠᠭᠤᠯᠭ᠎ᠠ ᠪᠠᠷ  ᠲᠠᠷᠢᠯᠭ᠎ᠠ ᠪᠠᠨ ᠲᠠᠷᠢᠭᠤᠯᠬᠤ ᠪᠠᠷ ᠢᠷᠡᠭᠰᠡᠨ ᠪᠠᠶᠢᠨ᠎ᠠ᠃ ᠹᠠᠨ ᠢᠤᠢ ᠴᠧᠨ ᠤ ᠡᠵᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠨᠠᠷᠢᠨ ᠦᠢᠯᠠᠭᠠᠭᠰᠠᠨ ᠤ ᠳᠠᠷᠠᠭ᠎ᠠ ᠵᠥᠪᠰᠢᠶᠡᠷᠡᠬᠦ  ᠪᠢᠴᠢᠭ ᠢ  ᠲᠠᠭᠯᠠᠯ᠎ᠠ᠃ᠰᠤᠷᠪᠤᠯᠵᠢᠯᠠᠭ᠎ᠠ᠄  ᠭᠡᠷ ᠲᠤ ᠵᠥᠪᠬᠡᠨ ᠪᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠲᠠᠷᠢᠭᠤᠯᠤᠭᠰᠠᠨ ᠦᠭᠡᠢ ᠪᠠᠶᠢᠭᠰᠠᠨ ᠶᠤᠮ᠃  ᠪᠠᠭᠰᠢ  ᠠᠴᠠ ᠠᠩᠭᠢ ᠶᠢᠨ ᠬᠤᠯᠪᠤᠭᠠᠨ ᠳᠤ ᠶᠠᠪᠤᠭᠤᠯᠤᠭᠰᠠᠨ ᠮᠡᠳᠡᠭᠳᠡᠯ ᠢ ᠲᠤᠰᠤᠭᠰᠠᠨ ᠤ ᠳᠠᠷᠠᠭ᠎ᠠ ᠡᠵᠢ  ᠳᠠᠷᠤᠶᠢᠬᠠᠨ ᠨᠠᠳᠠ ᠶᠢ ᠲᠠᠭᠠᠭᠤᠯᠵᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠠᠷᠢᠯᠭ᠎ᠠᠲᠠᠷᠢᠭᠤᠯᠤᠯ᠎ᠠ᠃   ᠲᠤᠰ ᠲᠠᠷᠢᠯᠭ᠎ᠠ ᠶᠢ ᠲᠠᠷᠢᠭᠤᠯᠤᠭᠰᠠᠨ ᠤ ᠳᠠᠷᠠᠭ᠎ᠠ ᠬᠠᠮᠲᠤ ᠰᠤᠷᠤᠭᠴᠢ᠂  ᠪᠠᠭᠰᠢ᠂ ᠦᠪᠡᠷ ᠤᠨ ᠪᠡᠶ᠎ᠡ ᠪᠤᠯᠤᠨ ᠭᠡᠷ ᠤᠨ ᠠᠬᠠᠮᠠᠳ ᠲᠤ ᠪᠦᠷ ᠰᠠᠶᠢᠨ᠂   ᠦᠪᠡᠷ ᠢ ᠪᠠᠨ ᠬᠠᠮᠠᠭᠠᠯᠠᠬᠤ ᠶᠢᠨ ᠬᠠᠮᠲᠤ ᠪᠠᠰᠠ ᠪᠤᠰᠤᠳ ᠢ  ᠬᠠᠮᠠᠭᠠᠯᠠᠵᠤ ᠪᠠᠶᠢᠨ᠎ᠠ᠃ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ  ᠲᠠᠷᠢᠬᠤ ᠤᠳᠤᠷᠢᠳᠤᠳᠬᠤ ᠲᠤᠭᠤᠶᠢᠯᠠᠩ ᠤᠨ ᠵᠤᠬᠢᠶᠠᠨ ᠪᠠᠶᠢᠭᠤᠯᠤᠯᠲᠠ ᠳᠤᠤᠷ᠎ᠠ᠂  ᠤᠳᠤᠬᠠᠨ᠂  ᠮᠠᠨ ᠤ ᠬᠤᠳᠠ ᠶᠢᠨ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ 4 ᠴᠡᠭ ᠲᠤ ᠡᠮᠴᠢ ᠠᠵᠢᠯᠲᠠᠳ ᠢ ᠪᠦᠷᠢᠨ ᠲᠤᠬᠢᠷᠠᠭᠤᠯᠵᠤ᠂  ᠸᠠᠺᠼᠢᠨ ᠤ ᠲᠠᠷᠢᠯᠭ᠎ᠠ ᠶᠢᠨ ᠪᠡᠯᠡᠳᠭᠡᠯ ᠪᠦᠷᠢᠨ᠂  ᠲᠠᠷᠢᠯᠭ᠎ᠠ ᠲᠠᠷᠢᠬᠤ ᠳᠠᠷᠠᠭᠠᠯᠠᠯ ᠳᠦᠷᠢᠮᠵᠢᠭᠦᠨ᠂  ᠡᠮᠴᠢ ᠠᠵᠢᠯᠲᠠᠳ ᠰᠢᠡᠨ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠲᠠᠷᠢᠬᠤ ᠠᠵᠢᠯ ᠳᠤ ᠪᠦᠬᠦ ᠬᠦᠴᠦᠨ ᠢᠶᠠᠷ ᠦᠢᠯᠡᠴᠢᠯᠡᠵᠦ ᠪᠠᠶᠢᠨ᠎ᠠ᠃ ᠰᠤᠷᠪᠤᠯᠵᠢᠯᠠᠭ᠎ᠠ᠄    ᠲᠤᠰ  ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠬᠤ ᠦᠶ᠎ᠡ ᠳᠤ ᠮᠠᠨ ᠤ  ᠰᠢᠯᠢᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ  ᠠᠰᠠᠭᠤᠨ ᠯᠠᠪᠯᠠᠬᠤ ᠠᠴᠠ ᠳᠠᠩᠰᠠᠠᠯᠬᠤ᠂  ᠲᠠᠷᠢᠯᠭ᠎ᠠ ᠲᠠᠷᠢᠬᠤ᠂  ᠠᠵᠢᠭᠯᠠᠬᠤ ᠵᠡᠷᠭᠡ ᠳᠠᠷᠠᠭᠠᠯᠠᠯ  ᠢ  ᠲᠤᠬᠢᠷᠠᠮᠵᠢᠲᠠᠢ ᠲᠤᠬᠢᠷᠠᠭᠤᠯᠵᠤ᠂  ᠭᠡᠷ ᠤᠨ ᠠᠬᠠᠮᠠᠳ᠂  ᠰᠤᠷᠤᠭᠴᠢᠳ ᠪᠠᠰᠠ ᠢᠳᠡᠪᠬᠢᠲᠠᠢ ᠬᠠᠮᠵᠢᠯᠴᠠᠵᠤ᠂  ᠠᠬᠤᠢ ᠲᠠᠯᠠᠪᠠᠢ ᠶᠢᠨ ᠡᠮᠬᠢ ᠲᠢᠭᠯᠢᠮ ᠶᠡᠭᠡ ᠰᠠᠶᠢᠨ ᠪᠠᠶᠢᠨ᠎ᠠ᠃   ᠳᠠᠷᠠᠭᠠᠴᠢ ᠪᠠᠷ ᠪᠢᠳᠡ ᠦᠷᠭᠦᠯᠵᠢᠯᠡᠨ ᠲᠠᠷᠢᠯᠭ᠎ᠠ ᠲᠠᠷᠢᠬᠤ ᠬᠦᠮᠦᠨ ᠤ ᠪᠠᠶᠢᠳᠠᠯ ᠳᠤ ᠲᠤᠬᠢᠷᠠᠭᠤᠯᠤᠨ ᠲᠠᠷᠢᠯᠭ᠎ᠠ ᠲᠠᠷᠢᠬᠤ ᠴᠠᠭ ᠪᠤᠯᠤᠨ ᠡᠮᠴᠢ ᠠᠵᠢᠯᠲᠠᠳ ᠢᠶᠠᠨ ᠲᠤᠬᠢᠷᠠᠮᠵᠢᠲᠠᠢ ᠲᠤᠬᠢᠷᠠᠭᠤᠯᠤᠨ᠎ᠠ᠃    ᠤᠳᠤᠬᠠᠨ ᠮᠠᠨ ᠤ ᠬᠤᠳᠠ ᠭᠤᠤᠯᠳᠠᠭᠤ12--14 ᠨᠠᠰᠤᠨ ᠤ ᠬᠡᠤᠬᠡᠳ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠢᠭᠡᠳᠦᠭᠡᠷ ᠲᠠᠷᠢᠯᠭ᠎ᠠ ᠶᠢ ᠲᠠᠷᠢᠵᠤ ᠪᠠᠶᠢᠨ᠎ᠠ᠃  ᠡᠪᠡᠳᠴᠢᠨ ᠤ ᠰᠢᠯᠲᠠᠭᠠᠨ᠂ ᠭᠠᠳᠠᠭᠰᠢ ᠭᠠᠷᠤᠭᠰᠠᠨ ᠵᠡᠷᠭᠡ ᠤᠨᠴᠠᠭᠠᠢ ᠪᠠᠶᠢᠳᠠᠯ ᠢᠶᠠᠷ ᠲᠠᠷᠢᠯᠭ᠎ᠠ ᠪᠠᠨ ᠲᠠᠷᠢᠭᠤᠯᠤᠭᠰᠠᠨ ᠦᠭᠡᠢ ᠪᠤᠶᠤ ᠲᠤᠰ ᠭᠠᠵᠠᠷ ᠤᠷᠤᠨ ᠳᠤ ᠪᠠᠨ ᠰᠤᠷᠭᠠᠭᠤᠯᠢ ᠳᠤ ᠰᠠᠭᠤᠵᠤ ᠦᠭᠡᠢ  ᠰᠤᠷᠤᠭᠴᠢ ᠦᠢᠷ᠎ᠠ ᠬᠠᠪᠢ ᠶᠢᠨ ᠢᠶᠠᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠲᠠᠷᠢᠯᠭ᠎ᠠ ᠲᠠᠷᠢᠭᠤᠯᠬᠤ ᠭᠠᠵᠠᠷ ᠲᠤ ᠤᠴᠢᠵᠤ ᠲᠠᠷᠢᠭᠤᠯᠵᠤ ᠪᠤᠯᠤᠨ᠎ᠠ᠃ ᠰᠤᠷᠪᠤᠯᠵᠢᠠᠯᠭ᠎ᠠ᠄  ᠡᠵᠢ  ᠨᠠᠳᠠ ᠶᠢ ᠳᠠᠭᠠᠭᠤᠯᠵᠤ ᠢᠷᠡᠵᠦ  ᠶᠤᠮ᠃  ᠰᠤᠪᠢᠯᠠᠭᠴᠢ ᠠᠨᠢᠶ᠎ᠠ ᠨᠠᠷ ᠤᠨ ᠤᠪᠤᠷ  ᠶᠡᠭᠡ ᠰᠠᠶᠢᠨ ᠪᠠᠶᠢᠨ᠎ᠠ᠃  ᠲᠠᠷᠢᠯᠭ᠎ᠠ ᠪᠠᠨ ᠲᠠᠷᠢᠭᠤᠯᠤᠭᠰᠠᠨ ᠤ ᠳᠠᠷᠠᠭ᠎ᠠ ᠡᠪ ᠦᠭᠡᠢ ᠪᠠᠶᠢᠳᠠᠯ ᠢᠯᠡᠷᠡᠭᠰᠡᠨ ᠦᠭᠡᠢ᠂  ᠲᠠᠷᠢᠯᠭ᠎ᠠ ᠪᠠᠨ ᠲᠠᠷᠢᠭᠤᠯᠤᠭᠰᠠᠨ ᠤ ᠳᠠᠷᠠᠭ᠎ᠠ ᠡᠮᠴᠢ ᠶᠢᠨ ᠦᠭᠡ ᠶᠢ ᠢᠯᠡᠭᠦᠦ ᠰᠤᠨᠤᠰᠴᠦ᠂ ᠢᠯᠡᠭᠦᠬᠡᠨ ᠤᠰᠤ ᠤᠤᠭᠤᠵᠤ᠂  ᠭᠠᠰᠢᠭᠤᠨ ᠵᠦᠢᠯ ᠢ ᠲᠤᠲᠠᠭᠤ ᠢᠳᠡᠵᠦ᠂  ᠠᠮᠠᠷᠠᠬᠤ ᠴᠠᠭ ᠢᠶᠠᠨ  ᠲᠤᠬᠢᠷᠠᠭᠤᠯᠤᠨ᠎ᠠ᠃  ᠲᠠᠷᠢᠯᠭ᠎ᠠ ᠲᠠᠷᠢᠭᠤᠯᠬᠤ ᠨᠢ ᠦᠪᠡᠷ ᠤᠨ ᠪᠡᠶ᠎ᠡ ᠳᠤ ᠪᠠᠨ ᠰᠠᠶᠢᠨ ᠮᠥᠷᠲᠡᠭᠡᠨᠪᠤᠰᠤᠳ ᠲᠤ ᠪᠠᠰᠠ ᠰᠠᠶᠢᠨ  ᠶᠤᠮ᠃ ᠵᠢᠷᠤᠭᠲᠤ ᠮᠡᠳᠡᠭᠡ᠄ 8 ᠰᠠᠷ᠎ᠠ ᠶᠢᠨ 1 ᠤ ᠡᠳᠦᠷ ᠪᠤᠯᠲᠠᠯ᠎ᠠ᠂ ᠮᠠᠨ ᠤ ᠬᠤᠳᠠ12 --14  ᠨᠠᠰᠤᠨ ᠤ  ᠬᠡᠤᠬᠡᠳ ᠤᠨ ᠨᠢᠭᠡᠳᠦᠭᠡᠷ ᠲᠠᠷᠢᠯᠭ᠎ᠠ ᠶᠢ 84 6 ᠬᠦᠮᠦᠨ ᠲᠠᠷᠢᠭᠤᠯᠵᠤ᠂  ᠲᠠᠷᠢᠯᠭ᠎ᠠ ᠲᠠᠷᠢᠭᠤᠯᠤᠭᠰᠠᠨ ᠨᠤᠷᠮ᠎ᠠ  ᠨᠢ38% ᠳᠤ ᠬᠦᠷᠴᠦ᠂ 15--17 ᠨᠠᠰᠤᠨ ᠤ ᠬᠡᠤᠬᠡᠳ ᠤᠨ ᠨᠢᠭᠡᠳᠦᠭᠡᠷ ᠲᠠᠷᠢᠯᠭ᠎ᠠ ᠶᠢ2018 ᠬᠦᠮᠦᠨ ᠲᠠᠷᠢᠵᠤ ᠂  ᠲᠠᠷᠢᠯᠭ᠎ᠠ ᠲᠠᠷᠢᠭᠤᠯᠤᠭᠰᠠᠨ ᠨᠤᠷᠮ᠎ᠠ ᠨᠢ126% ᠳᠤ ᠬᠦᠷᠴᠦ᠂ 18  ᠨᠠᠰᠤᠨ ᠠᠴᠠ ᠳᠡᠭᠡᠭᠰᠢᠬᠢ  ᠬᠦᠮᠦᠰ ᠤᠨ ᠨᠢᠭᠡᠳᠦᠭᠡᠷ ᠲᠠᠷᠢᠯᠭ᠎ᠠ  ᠶᠢ 57346 ᠲᠠᠷᠢᠭᠤᠯᠵᠤ᠂  ᠲᠠᠷᠢᠯᠭ᠎ᠠ ᠲᠠᠷᠢᠭᠤᠯᠤᠭᠰᠠᠨ ᠨᠤᠷᠮ᠎ᠠ ᠨᠢ101.32% ᠳᠤ ᠬᠦᠷᠴᠦ᠂  ᠨᠡᠶᠢᠲᠡ53323 ᠬᠦᠮᠦᠨ ᠳᠤ ᠲᠠᠷᠢᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号