︽ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠰᠤᠯᠠᠷᠠᠭᠤᠯᠤᠯ ᠦᠭᠡᠢ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ︕ ᠪᠦᠬᠦ ᠬᠤᠲᠠ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠭᠦᠢᠴᠡᠳ  ᠪᠠᠶᠢᠨ᠎ᠠ
ᠨᠡᠶᠢᠲᠡᠯᠡᠭᠰᠡᠨ ᠴᠠᠭ᠄
2021/8/6
       ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠵᠤ᠂ ᠮᠠᠨ ᠤ ᠬᠤᠲᠠ ᠶᠢᠨ ︽ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠵᠦ ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠳᠣᠯᠠᠳᠠ᠂ 8 ᠰᠠᠷ᠎ᠠ ᠶᠢᠨ 3 ᠤ ᠡᠳᠦᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠲᠠ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠪᠠ᠃ ᠪᠠᠶᠢᠴᠠᠭᠠᠯᠲᠠ ᠠᠴᠠ᠂ ᠣᠳᠣᠬᠠᠨ ᠳᠤ᠂ ᠮᠠᠨ ᠤ ᠬᠤᠲᠠ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠢ 30 ᠡᠳᠦᠷ ᠤᠨ ᠳᠣᠲᠣᠷ᠎ᠠ ᠳᠦᠭᠦᠷᠡᠩ ᠳᠠᠭᠠᠭᠠᠴᠠ ᠲᠠᠢ ᠪᠠᠷ ᠬᠠᠳᠠᠭᠠᠯᠠᠵᠤ᠂ ᠪᠣᠶ ᠪᠥᠬᠦᠶ ᠬᠢᠵᠢᠭ ᠢ ᠰᠡᠷᠭᠡᠶᠢᠯᠡᠬᠦ ᠡᠳ᠋ ᠪᠣᠳᠠᠰ ᠪᠦᠷᠢᠨ ᠬᠦᠢᠴᠡᠳ ᠪᠠᠶᠢᠬᠤ ᠶᠢ ᠣᠶᠢᠯᠠᠭᠠᠪᠠ᠃
     ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠯᠡᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠴᠢᠨᠠᠷ ᠴᠢᠨᠰᠠᠭ᠎ᠠ ᠪᠠ ᠡᠳᠦᠷ ᠬᠤᠭᠤᠴᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠪᠡ᠃        ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠣᠭᠠᠨ ᠤ ᠢᠯᠠᠯᠲᠠ ᠶᠢ ᠤᠯᠬᠤ ᠶᠢᠨ ᠴᠢᠬᠤᠯᠠ ᠪᠠᠲᠤᠯᠠᠭ᠎ᠠ ᠮᠥᠨ᠂ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠡᠷᠬᠡᠪᠰᠢ ᠣᠳᠣᠬᠠᠨ ᠤ ᠪᠠᠶᠢᠳᠠᠯ ᠢ ᠲᠣᠳᠣᠷᠬᠠᠶ ᠲᠠᠨᠢᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠥᠨᠳᠥᠷ ᠦᠷ᠎ᠡ ᠪᠦᠲᠦᠮᠵᠢ ᠲᠠᠢ᠂ ᠣᠯᠠᠨ ᠠᠷᠭ᠎ᠠ ᠵᠠᠮ ᠢᠶᠠᠷ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠠᠷᠭᠠᠴᠠᠨ ᠰᠢᠢᠳᠪᠣᠷᠢᠯᠡᠬᠦ ᠠᠵᠢᠯ ᠢ ᠴᠠᠭ ᠲᠤᠬᠠᠶ ᠳᠤᠨᠢ ᠣᠨᠣᠪᠴᠢᠲᠠᠶ ᠪᠥᠭᠡᠳ ᠪᠦᠲᠦᠮᠵᠢᠲᠡᠶ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠬᠥᠮᠦᠰ᠂ ᠭᠤᠤᠯᠳᠠᠯᠭ᠎ᠠ ᠲᠠᠢ ᠲᠠᠯᠠᠪᠤᠷ ᠤᠨ ᠬᠥᠮᠦᠰ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢ ᠪᠠᠲᠤᠯᠠᠬᠤ ᠶᠢᠨ ᠬᠠᠮᠲᠤ ᠡᠳ᠋ ᠪᠣᠳᠠᠰ ᠬᠤᠳᠠᠯᠳᠤᠨ ᠠᠪᠬᠤ᠂ ᠬᠥᠮᠥᠷᠭᠡ ᠳᠤ ᠣᠷᠣᠭᠤᠯᠵᠤ ᠬᠠᠮᠢᠶᠠᠷᠬᠤ᠂ ᠭᠤᠶᠤᠴᠢᠯᠠᠨ ᠠᠪᠴᠤ ᠬᠡᠷᠡᠭᠯᠡᠬᠦ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠡᠳ᠋ ᠪᠣᠳᠠᠰ ᠨᠥᠭᠡᠴᠡᠯᠡᠬᠦ ᠬᠥᠮᠥᠷᠭᠡ ᠨᠢ  ᠬᠤᠯᠠᠭᠠᠢ ᠶᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠥᠨᠥᠭᠡᠯ ᠲᠠᠢ ᠪᠣᠳᠠᠰ ᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠳ᠋ ᠪᠣᠳᠠᠰ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠪᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号