ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/1
  ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠭᠠᠭᠴᠠᠭᠠᠷ ᠡᠵᠡᠮᠰᠢᠯ ᠢ ᠡᠰᠡᠷᠭᠦᠴᠡᠬᠦ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ ᠡᠳ᠋ ᠪᠣᠳᠠᠰ ᠨᠥᠭᠡᠴᠡᠯᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠵᠠᠢᠯᠢ ᠺᠧ ᠴᠢᠶᠠᠩ  ᠸᠠᠩ ᠬᠤ᠋ ᠨᠢᠩ  ᠬᠠᠨ ᠵᠧᠩ ᠣᠷᠣᠯᠴᠠᠵᠠᠢ      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 8 ᠰᠠᠷ᠎ᠠ ᠶᠢᠨ 30 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠭᠠᠭᠴᠠᠭᠠᠷ ᠡᠵᠡᠮᠰᠢᠯ ᠢ ᠡᠰᠡᠷᠭᠦᠴᠡᠬᠦ ᠶᠢ ᠴᠢᠩᠭᠠᠳᠬᠠᠵᠤ ᠡᠷᠬᠡ ᠲᠡᠭᠰᠢ ᠪᠠᠷ ᠥᠷᠢᠰᠥᠯᠳᠦᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠬᠤ ᠲᠤᠬᠠᠶ ᠰᠠᠨᠠᠯ︾᠂ ︽ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ ᠪᠠᠶᠢᠯᠳᠤᠬᠤ ᠪᠣᠳᠣᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ ᠤᠳ︾᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠲᠤᠬᠠᠶ ᠰᠠᠨᠠᠯ︾᠂ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ᠃      ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠭᠠᠭᠴᠠᠭᠠᠷ ᠡᠵᠡᠮᠰᠢᠯ ᠢ ᠡᠰᠡᠷᠭᠦᠴᠡᠬᠦ ᠶᠢ ᠴᠢᠩᠭᠠᠳᠬᠠᠵᠤ᠂ ᠡᠷᠬᠡ ᠲᠡᠭᠰᠢ ᠪᠠᠷ ᠦᠷᠢᠰᠦᠯᠳᠦᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠬᠤ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠡᠭᠦᠰᠴᠦ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠢ ᠪᠦᠷᠢᠯᠳᠦᠭᠦᠯᠬᠦ ᠶᠢ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠠᠵᠤ ᠠᠬᠤᠶᠢᠯᠠᠯ ᠳᠤ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠡᠭᠦᠳᠦᠨ ᠥᠭᠴᠦ᠂ ᠬᠡᠷᠡᠭᠯᠡᠭᠴᠢᠳ ᠤᠨ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠤᠯᠤᠰ ᠤᠨ ᠨᠥᠭᠡᠴᠡᠯᠡᠯᠲᠡ ᠪᠣᠯ ᠤᠯᠤᠰ ᠤᠨ ᠵᠠᠰᠠᠯᠲᠠ ᠶᠢᠨ ᠴᠢᠬᠤᠯᠠ ᠪᠣᠳᠠᠰ ᠤᠨ ᠰᠠᠭᠤᠷᠢ ᠮᠥᠨ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠪᠠᠶᠢᠯᠳᠤᠬᠤ ᠪᠤᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠪᠠᠲᠤᠯᠠᠭ᠎ᠠ᠂ ᠬᠤᠷᠸ᠎ᠠ ᠡᠵᠡᠮᠰᠢᠯ ᠲᠤᠬᠢᠷᠠᠭᠤᠯᠭ᠎ᠠ ᠪᠠ ᠪᠠᠴᠢᠮ ᠬᠡᠷᠡᠭᠴᠡᠭᠡ ᠶᠢ ᠠᠷᠭᠠᠴᠠᠭᠠᠬᠤ ᠴᠢᠳᠠᠪᠬᠢ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠠᠠᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠭᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠡᠭᠦᠳᠴᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠦᠷᠢᠨ ᠪᠦᠲᠦᠨ ᠰᠢᠰᠲ᠋ᠧᠮ ᠲᠠᠢ᠂ ᠥᠨᠳᠥᠷ ᠪᠦᠲᠦᠮᠵᠢᠲᠡᠶ ᠬᠠᠮᠵᠢᠯᠴᠠᠭᠰᠠᠨ᠂ ᠬᠦᠴᠦᠲᠡᠶ ᠬᠢᠵᠠᠭᠠᠷᠯᠠᠬᠤ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠶᠢᠨ ᠲᠣᠭᠤᠷᠢᠨ ᠳᠤ ᠠᠯᠢ ᠣᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠡᠷᠬᠡ ᠲᠡᠭᠰᠢ ᠥᠷᠢᠰᠥᠯᠳᠦᠭᠡᠨ ᠤ ᠲᠦᠷᠢᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠥᠭᠡᠷᠡᠴᠢᠯᠡᠯᠲᠡ ᠬᠢᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠢᠭᠡᠳᠦᠯᠲᠡᠶ ᠨᠡᠭᠡᠭᠡᠯᠲᠡ ᠬᠢᠭᠰᠡᠨ᠂ ᠥᠷᠢᠰᠥᠯᠳᠦᠭᠡᠨ ᠨᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠷᠢᠯᠳᠦᠬᠦ ᠶᠢ ᠠᠬᠢᠭᠤᠯᠪᠠ᠃ ᠵᠠᠷᠢᠮ ᠲᠠᠪᠴᠠᠩᠳᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠵᠡᠷᠯᠢᠭ ᠪᠠᠯᠠᠮᠠᠳ ᠦᠰᠦᠨ ᠪᠤᠶᠢᠵᠢᠯᠲᠠ᠂ ᠡᠮᠬᠢ ᠵᠢᠷᠤᠮ ᠥᠬᠡᠶ ᠥᠷᠭᠡᠳᠬᠡᠯ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠢᠳᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠲᠠᠪᠴᠠᠩᠳᠦ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠪᠠ ᠵᠦᠶ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠥᠷᠥᠩᠭᠡ ᠶᠢᠨ ᠡᠮᠬᠢ ᠵᠢᠷᠤᠮ ᠥᠬᠡᠶ ᠥᠷᠭᠡᠳᠬᠡᠯ ᠢ ᠰᠡᠷᠭᠡᠶᠢᠯᠡᠵᠦ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠭᠤᠤᠯᠴᠢ ᠥᠷᠢᠰᠥᠯᠳᠦᠭᠡᠨ ᠤ ᠡᠮᠬᠢ ᠳᠢᠭᠯᠢᠮ ᠲᠣᠭᠲᠠᠭᠤᠨ ᠢᠶᠠᠷ ᠰᠠᠶᠢᠵᠢᠷᠠᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ᠂ ᠦᠷ᠎ᠡ ᠪᠦᠲᠦᠮᠵᠢ ᠪᠠ ᠡᠷᠬᠡ ᠲᠡᠭᠰᠢ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠤᠯᠤᠰ ᠤᠨ ᠳᠣᠲᠣᠭᠠᠳᠤ ᠪᠠ ᠳᠡᠯᠡᠬᠡᠶ ᠶᠢᠨ ᠬᠢᠨ ᠢ ᠨᠢᠭᠡᠳᠦᠯᠲᠡᠶ ᠲᠥᠯᠥᠪᠵᠢᠭᠦᠯᠵᠦ᠂ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠪᠠ ᠬᠥᠭᠵᠢᠯᠲᠡ ᠶᠢ ᠠᠬᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠳᠠᠯᠠᠵᠤ᠂ ᠲᠦᠷᠢᠮ ᠢ ᠲᠣᠳᠣᠷᠬᠠᠶᠢᠯᠠᠵᠤ᠂ ᠬᠤᠷᠢᠭ᠎ᠠ ᠱᠤᠭᠤᠮ ᠢ ᠲᠣᠭᠲᠠᠭᠠᠵᠤ᠂ ︽ᠤᠯᠠᠭᠠᠨ ᠨᠣᠭᠤᠭᠠᠨ ᠳ᠋ᠧᠩ︾ ᠢ ᠰᠠᠶᠢᠲᠤᠷ ᠳᠤᠬᠢᠷᠠᠭᠤᠯᠵᠦ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠤᠨ ᠤᠳᠤᠷᠢᠳᠤᠯᠭ᠎ᠠ ᠶᠢ ᠳᠠᠭᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠳᠠᠭᠠᠬᠤ ᠪᠠ ᠦᠢᠯᠡᠴᠢᠯᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠠᠬᠢᠭᠤᠯᠬᠤ᠂ ᠵᠠᠬ᠎ᠠ ᠳᠡᠯᠭᠡᠭᠦᠷ ᠤᠨ ᠠᠵᠤ ᠠᠬᠤᠶ ᠶᠢ ᠴᠡᠴᠡᠭᠯᠡᠭᠦᠯᠬᠦ᠂ ᠠᠷᠠᠳ ᠤᠨ ᠠᠮᠢᠳᠤᠷᠠᠯ ᠳᠤ ᠲᠥᠬᠦᠮ ᠦᠵᠡᠭᠦᠯᠬᠦ᠂ ᠣᠯᠠᠨ ᠤᠯᠤᠰ ᠤᠨ ᠥᠷᠢᠰᠥᠯᠳᠦᠭᠡᠨ ᠳᠤ ᠣᠷᠣᠯᠴᠠᠬᠤ ᠳᠤᠮᠳᠠ ᠢᠳᠡᠪᠬᠢᠲᠡᠶ ᠦᠢᠯᠡᠳᠦᠯ ᠪᠠᠳᠠᠷᠠᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠭᠲᠠᠴᠠ᠂ ᠲᠣᠭᠠᠴᠢᠯᠠᠭᠰᠠᠨ ᠠᠵᠤ ᠠᠬᠤᠢ ᠶᠢᠨ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠲᠦᠷᠢᠮ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠥᠷᠢᠰᠥᠯᠳᠦᠭᠡᠨ ᠢ ᠦᠭᠡᠶᠢᠰᠭᠡᠵᠦ ᠬᠢᠵᠠᠭᠠᠷᠯᠠᠬᠤ ᠲᠦᠷᠢᠮ ᠵᠡᠷᠭᠡ ᠶᠢ ᠲᠦᠷᠭᠡᠨ ᠪᠦᠷᠢᠨᠰᠢᠬᠦᠯᠬᠦ ᠬᠡᠷᠡᠭᠲᠡᠢ᠃ ︽ᠬᠤᠶᠠᠷ ᠢ ᠦᠯᠦ ᠭᠤᠶᠢᠪᠢᠯᠵᠠᠭᠤᠯᠬᠤ︾ ᠶᠢ ᠪᠠᠷᠢᠮᠲᠠᠯᠠᠵᠤ᠂ ᠲᠤᠮᠤ ᠳᠤᠮᠳᠠ ᠪᠠᠭ᠎ᠠ ᠠᠵᠤ ᠠᠬᠤᠶᠢᠯᠠᠯ ᠤᠨ ᠰᠠᠶᠢᠨ ᠬᠤᠷᠰᠢᠯᠴᠠᠬᠤ᠂ ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠥᠮᠴᠢᠯᠡᠯ ᠤᠨ ᠡᠷᠬᠡ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢᠨ ᠢᠯᠡᠴᠡ ᠶᠢᠨ ᠬᠡᠮᠵᠢᠶ᠎ᠡ ᠪᠠ ᠵᠢᠱᠢᠵᠦ ᠪᠤᠯᠬᠤᠢᠢᠴᠠ ᠴᠢᠨᠠᠷ ᠢ ᠴᠢᠩᠭᠠᠳᠬᠠᠬᠤ ᠬᠡᠷᠡᠭᠲᠡᠶ᠃ ᠥᠷᠢᠰᠥᠯᠳᠦᠭᠡᠨ ᠤ ᠬᠠᠤᠯᠢ ᠴᠠᠭᠠᠵᠠ ᠶᠢᠨ ᠲᠦᠷᠢᠮ ᠪᠣᠯᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠡᠷᠬᠡ ᠲᠡᠭᠰᠢ ᠪᠠᠷ ᠦᠷᠢᠰᠦᠯᠳᠦᠬᠦ ᠤᠬᠠᠮᠰᠠᠷ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠡᠷᠬᠡ ᠲᠡᠭᠰᠢ ᠪᠠᠷ ᠦᠷᠢᠰᠦᠯᠳᠦᠬᠦ ᠶᠢ ᠡᠷᠬᠢᠮᠯᠡᠬᠦ᠂ ᠬᠠᠮᠠᠭᠠᠯᠠᠬᠤ ᠪᠠ ᠠᠬᠢᠭᠤᠯᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠪᠦᠬᠦ ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠪᠴᠠᠩᠳᠤ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠭᠡ ᠵᠠᠩᠭᠢ ᠶᠢᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠠᠵᠢᠯ ᠢ ᠴᠢᠩᠭᠠᠳᠬᠠᠬᠤ ᠬᠡᠷᠡᠭᠲᠡᠢ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢᠨ ᠬᠦᠴᠦᠨ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠤᠯᠤᠰ ᠤᠨ ᠨᠥᠭᠡᠴᠡᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠵᠠᠰᠠᠭ ᠤᠨ ᠣᠷᠳᠣᠨ ᠤ ᠨᠥᠭᠡᠴᠡᠯᠡᠯᠲᠡ ᠳᠤ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠤᠯᠤᠰ ᠢ ᠪᠦᠷᠬᠦᠭᠦᠯᠦᠭᠰᠡᠨ ᠡᠳ᠋ ᠪᠣᠳᠠᠰ ᠤᠨ ᠨᠥᠭᠡᠴᠡᠯᠡᠯᠲᠡ ᠪᠣᠯᠤᠨ ᠰᠢᠯᠵᠢᠭᠦᠯᠦᠨ ᠲᠡᠭᠡᠭᠡᠪᠦᠷᠢᠯᠡᠬᠦ ᠰᠠᠭᠤᠷᠢ ᠲᠥᠬᠦᠭᠡᠷᠦᠮᠵᠢ ᠶᠢᠨ ᠲᠣᠣᠷ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠥᠭᠡᠴᠡᠯᠡᠯᠲᠡ ᠶᠢᠨ ᠰᠠᠭᠤᠷᠢ ᠪᠣᠯᠤᠨ ᠪᠣᠳᠠᠲᠤ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠢ ᠠᠷᠭᠠᠴᠠᠭᠠᠬᠤ ᠳᠤᠮᠳᠠ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠮᠠᠨ ᠤ ᠤᠯᠤᠰ ᠪᠣᠯ ᠲᠤᠮᠤ ᠤᠯᠤᠰ ᠮᠥᠨ᠂ ᠡᠷᠬᠡᠪᠰᠢ ᠲᠤᠮᠤ ᠤᠯᠤᠰ ᠤᠨ ᠪᠠᠶᠢᠷᠢ ᠰᠠᠭᠤᠷᠢ ᠲᠠᠢ ᠵᠣᠬᠢᠴᠠᠭᠰᠠᠨ ᠤᠯᠤᠰ ᠤᠨ ᠨᠥᠭᠡᠴᠡ ᠪᠣᠳᠠᠲᠤ ᠬᠦᠴᠦᠨ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ ︽ᠶᠠᠭᠤ ᠨᠥᠭᠡᠴᠡᠯᠡᠬᠦ︾᠂ ︽ᠬᠡᠨ ᠨᠥᠭᠡᠴᠡᠯᠡᠬᠦ︾᠂ ︽ᠶᠠᠭᠠᠬᠢᠵᠤ ᠨᠥᠭᠡᠴᠡᠯᠡᠬᠦ︾ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠨᠥᠭᠡᠴᠡᠯᠡᠬᠦ ᠲᠥᠷᠥᠯ ᠵᠦᠢᠯ᠂ ᠬᠡᠪᠴᠢᠶ᠎ᠡ᠂ ᠪᠦᠲᠦᠴᠡ ᠶᠢ ᠰᠢᠰᠲ᠋ᠧᠮ ᠲᠠᠢ ᠲᠥᠯᠥᠪᠵᠢᠭᠦᠯᠦᠨ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠵᠠᠩᠭᠢᠯᠠᠭ᠎ᠠ ᠶᠢᠨ ᠲᠥᠷᠥᠯ ᠵᠦᠢᠯ ᠤᠨ ᠡᠳ᠋ ᠪᠣᠳᠠᠰ ᠤᠨ ᠳᠤᠲᠠᠭᠤᠳᠠᠯ ᠢ ᠲᠦᠷᠭᠡᠨ ᠪᠦᠭᠡᠳ ᠭᠦᠢᠴᠡᠳ ᠨᠥᠬᠦᠪᠥᠷᠢᠯᠡᠬᠦ ᠬᠡᠷᠡᠭᠲᠡᠶ᠃ ᠪᠠᠶᠢᠯᠳᠤᠬᠤ ᠪᠤᠳᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠨᠢᠭᠡᠳᠦᠯᠲᠡᠢ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠭᠤᠤᠯ ᠵᠢᠯᠤᠭᠤᠳᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠪᠠᠶᠢᠭᠤᠯᠬᠤ᠂ ᠤᠯᠠᠨ ᠡᠰᠢᠴᠢᠯᠡᠨ ᠬᠠᠷᠢᠯᠴᠠᠨ ᠨᠥᠬᠦᠪᠥᠷᠢᠯᠡᠬᠦ ᠶᠢ ᠪᠠᠷᠢᠮᠲᠠᠯᠠᠵᠤ᠂ ᠲᠥᠪ ᠪᠣᠯᠤᠨ ᠣᠷᠣᠨ ᠨᠤᠲᠤᠭ᠂ ᠪᠣᠳᠠᠲᠤ ᠪᠣᠳᠠᠰ ᠪᠣᠯᠤᠨ ᠦᠢᠯᠡᠳᠪᠦᠷᠢᠯᠡᠯ ᠤᠨ ᠴᠢᠳᠠᠪᠤᠷᠢ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ᠨᠥᠭᠡᠴᠡᠯᠡᠯᠳᠡ ᠶᠢ ᠤᠶᠠᠯᠳᠤᠭᠤᠯᠤᠭᠰᠠᠨ ᠨᠥᠭᠡᠴᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠡᠳ᠋ ᠪᠣᠳᠠᠰ ᠦᠢᠯᠡᠳᠪᠦᠷᠢᠯᠡᠬᠦ ᠴᠢᠳᠠᠪᠤᠷᠢ ᠶᠢᠨ ᠪᠠᠲᠤᠯᠠᠭ᠎ᠠ ᠪᠣᠯᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠬᠠᠷᠢᠭᠤᠴᠠᠯᠭ᠎ᠠ ᠶᠢ ᠲᠦᠷᠦᠯ ᠬᠤᠪᠢᠶᠠᠨ ᠱᠠᠳᠤ ᠬᠤᠪᠢᠶᠠᠨ ᠨᠠᠶᠢᠳᠠᠪᠤᠷᠢᠵᠢᠭᠤᠯᠵᠤ᠂ ᠨᠥᠭᠡᠴᠡᠯᠡᠬᠦ ᠵᠠᠭᠪᠤᠷ ᠢ ᠲᠡᠭᠦᠯᠳᠡᠷᠵᠢᠭᠦᠯᠵᠦ᠂ ᠨᠥᠭᠡᠴᠡᠯᠡᠬᠦ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠨᠥᠭᠡᠴᠡ ᠶᠢᠨ ᠵᠠᠬ᠎ᠠ ᠳᠡᠯᠭᠡᠭᠦᠷ ᠤᠨ ᠲᠤᠬᠢᠷᠠᠭᠤᠯᠬᠤ ᠲᠤᠭᠳᠠᠴᠠ ᠶᠢ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠲᠠᠸᠠᠷ ᠤᠨ ᠨᠥᠭᠡᠴᠡ ᠪᠠ ᠲᠤᠬᠢᠷᠠᠭᠤᠯᠬᠤ ᠴᠢᠳᠠᠪᠤᠷᠢ ᠶᠢ ᠨᠡᠮᠡᠭᠳᠡᠭᠦᠯᠵᠦ᠂ ᠪᠠᠶᠢᠯᠳᠤᠬᠤ ᠪᠤᠳᠤᠯᠭ᠎ᠠ ᠶᠢᠨ ᠨᠥᠭᠡᠴᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠴᠢᠳᠠᠮᠵᠢ ᠶᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠤᠯᠤᠰ ᠤᠨ ᠨᠥᠭᠡᠴᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠲᠤᠰᠬᠠᠢ ᠬᠢᠨᠠᠯᠲᠠ ᠬᠠᠮᠢᠶᠠᠷᠤᠯᠲᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦ ᠶᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠢᠢᠷ᠎ᠠ ᠶᠢᠨ ᠵᠢᠯ ᠠᠴᠠ ᠨᠠᠭᠠᠰᠢ᠂ ᠪᠢᠳᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠭᠰᠠᠨ ᠠᠷᠭ᠎ᠠ ᠬᠡᠮᠵᠢᠶ᠎ᠡ ᠪᠣᠳᠠᠲᠠᠢ᠂ ᠡᠷᠴᠢᠮ ᠬᠦ᠋ᠴᠦᠨ ᠲᠠᠢ᠂ ᠦᠷ᠎ᠡ ᠪᠦᠲᠦᠮᠵᠢ ᠢᠯᠡᠳᠲᠡ ᠪᠣᠯᠤᠭᠰᠠᠨ ᠨᠢ ᠤᠷᠢᠳ ᠡᠮᠦᠨ᠎ᠡ ᠭᠠᠷᠤᠭ᠎ᠠ ᠦᠭᠡᠢ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠤᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠬᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠤᠯᠪᠣᠭᠳᠠᠬᠤ ᠵᠥᠷᠢᠴᠡᠯ ᠠᠰᠠᠭᠤᠳᠠᠯ ᠤᠨ ᠲᠠᠰ ᠳᠠᠪᠬᠤᠷᠭ᠎ᠠ ᠨᠠᠩ ᠭᠦᠨ᠂ ᠬᠦᠷᠢᠶ᠎ᠡ ᠬᠡᠪᠴᠢᠶ᠎ᠡ ᠨᠠᠩ ᠥᠷᠭᠡᠨ ᠂ ᠱᠠᠭᠠᠷᠳᠠᠯᠭ᠎ᠠ ᠴᠤ ᠨᠠᠩ ᠥᠨᠳᠥᠷ ᠪᠣᠯᠵᠠᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠷᠴᠢᠮ ᠢ ᠪᠠᠲᠤᠯᠠᠵᠤ᠂ ᠭᠦᠨᠴᠡ ᠶᠢ ᠤᠷᠲᠤᠳᠬᠠᠵᠤ᠂ ᠥᠷᠭᠡᠴᠡ ᠶᠢ ᠥᠷᠭᠡᠳᠬᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠠᠷᠠᠳ ᠤᠯᠠᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠶᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢ ᠴᠢᠩᠭᠠᠳᠬᠠᠵᠤ᠂ ︽ᠬᠠᠷᠢ ᠶᠢᠨ ᠬᠤᠭ ᠨᠣᠪᠰᠢ︾ ᠶᠢ ᠭᠠᠳᠠᠭᠠᠳᠤ ᠠᠴᠠ ᠣᠷᠣᠭᠤᠯᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠬᠦᠷᠢᠶ᠎ᠡ᠂ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠡᠩ ᠴᠢᠬᠤᠯᠠᠴᠢᠯᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠨᠢᠭᠡ ᠴᠤᠬᠴᠠᠵᠢᠭᠤᠯᠤᠨ ᠲᠥᠯᠥᠪᠵᠢᠭᠦᠯᠬᠦ᠂ ᠨᠢᠭᠡ ᠴᠤᠬᠴᠠᠵᠢᠭᠤᠯᠤᠨ ᠪᠠᠶᠢᠷᠢᠯᠠᠭᠤᠯᠬᠤ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠬᠢᠨᠠᠨ ᠰᠢᠯᠭᠠᠬᠤ ᠲᠦᠷᠢᠮ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢ ᠬᠠᠮᠠᠭᠠᠯᠠᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠥᠷᠨᠢᠭᠦᠯᠵᠦ᠂ ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠶᠢᠨ ᠬᠠᠮᠲᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ ᠠᠬᠢᠭᠤᠯᠵᠤ᠂ ︽ᠬᠤᠶᠠᠷ ᠶᠡᠭᠡᠳᠠᠢ︾ ᠲᠦᠷᠦᠯ ᠵᠦᠢᠯ ᠢ ᠵᠥᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠵᠤ᠂ ᠡᠬᠢ ᠪᠠᠶᠠᠯᠢᠭ ᠢ ᠠᠷᠪᠢᠯᠠᠨ ᠥᠨᠳᠥᠷ ᠪᠦᠲᠦᠮᠵᠢᠲᠡᠢ ᠠᠰᠢᠠᠠᠯᠠᠬᠤ ᠶᠢ ᠠᠬᠢᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠳᠤ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢᠵᠢᠯ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠴᠢᠨ ᠲᠣᠭᠤᠷᠢᠨ ᠤ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠰᠲ᠋ᠧᠮ ᠤᠨ ᠬᠢᠨᠠᠯᠲᠠ ᠬᠠᠮᠢᠶᠠᠷᠤᠯᠲᠠ ᠪᠠ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠂ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠵᠦ ᠬᠦᠨᠳᠦ ᠪᠠᠷ ᠰᠢᠢᠳᠬᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠶᠢ ᠠᠩᠬᠠᠷᠴᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠢᠯᠭᠠᠭ᠎ᠠ ᠲᠠᠢ ᠬᠠᠨᠳᠤᠵᠤ᠂ ᠪᠦᠬᠦᠨ ᠢ ᠠᠳᠠᠯᠢ ᠪᠠᠷ ᠱᠠᠭᠠᠷᠳᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠪᠣᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠳᠤ ᠲᠦᠷᠢᠮ ᠤᠨ ᠲᠣᠬᠢᠷᠠᠭᠤᠯᠤᠯᠲᠠ ᠬᠢᠵᠦ᠂ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠳᠤ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠭᠰᠠᠨ ᠦᠷ᠎ᠡ ᠪᠦᠲᠦᠮᠵᠢ᠂ ᠠᠷᠠᠳ ᠤᠯᠠᠨ ᠤ ᠲᠤᠰᠬᠠᠬᠰᠠᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ ᠦᠨᠡᠯᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠲᠦᠷᠢᠮ ᠤᠨ ᠠᠷᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠲᠤᠭ᠎ᠠ ᠪᠠᠷᠢᠮᠲᠠ ᠶᠢ ᠣᠨᠣᠪᠴᠢᠲᠠᠢ ᠡᠵᠡᠮᠰᠢᠵᠦ᠂ ᠬᠢᠨᠠᠯᠲᠠ ᠲᠠᠯᠪᠢᠭᠰᠠᠨ ᠦᠷ᠎ᠡ ᠳ᠋ᠦᠩ ᠢ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠣᠯᠤᠨ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠲᠠᠯᠪᠢᠬᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠠᠬᠢᠭᠤᠯᠵᠤ᠂ ᠠᠵᠢᠯ ᠤᠨ ᠵᠣᠬᠢᠴᠠᠭᠤᠯᠭ᠎ᠠ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠤᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号