ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠰᠤᠷᠤᠯᠭ᠎ᠠ ᠡᠬᠢᠯᠡᠬᠦ ᠶᠣᠰᠣᠯᠠᠯ ᠵᠢᠴᠢ 37 ᠳ᠋ᠤᠭᠠᠷ ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/13
          9 ᠰᠠᠷ᠎ᠠ ᠶᠢᠨ 10 ᠤ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 2021 ᠣᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ ᠠᠵᠢᠯᠯᠠᠭ᠎ᠠ ᠳᠤ ᠣᠷᠣᠯᠴᠠᠪᠠ᠃  
   ᠡᠨᠡ ᠬᠦ ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠣᠬᠠᠭᠤᠯᠬᠤ ᠬᠡᠯᠳᠡᠰ ᠤᠨ ᠳᠠᠷᠤᠭ᠎ᠠ ᠤᠯᠠᠭᠠᠨ ᠠᠴᠠ ᠨᠠᠮ ᠤᠨ ᠲᠡᠦᠬᠡ ᠶᠢ ᠰᠤᠷᠤᠯᠴᠠᠭᠰᠠᠨ ᠲᠡᠷᠢᠭᠦᠨ ᠤ ᠬᠤᠪᠢ ᠬᠥᠮᠦᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠠᠵᠢᠯᠯᠠᠭ᠎ᠠ ᠶᠢᠨ ᠲᠡᠷᠢᠭᠦᠨ ᠤ ᠬᠤᠪᠢ ᠬᠥᠮᠦᠨ᠂ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠠᠮᠲᠤ ᠨᠡᠶᠢᠲᠡ ᠳᠤ ᠢᠷᠠᠭᠤ ᠠᠯᠳᠠᠷ ᠤᠨ ᠦᠨᠡᠮᠯᠡᠯ ᠣᠯᠭᠤᠵᠠᠢ᠃ ᠲᠣᠰ ᠠᠵᠢᠯᠯᠠᠭ᠎ᠠ ᠳᠤ ᠪᠠᠰᠠ 2020 — 2021 ᠣᠨ ᠤ ᠵᠢᠱᠢᠶᠡᠴᠢ ᠬᠡᠷ ᠤᠨ ᠠᠬᠠᠮᠠᠳ᠂ ᠵᠢᠱᠢᠶᠡᠴᠢ ᠪᠠᠭᠰᠢ᠂ ᠰᠢᠯᠢᠳᠡᠭ ᠬᠢᠷᠢ ᠪᠦᠲᠦᠮᠵᠢ ᠲᠠᠢ ᠰᠣᠷᠣᠭᠴᠢ ᠶᠢ ᠬᠥᠬᠢᠭᠦᠯᠦᠨ ᠰᠠᠶᠢᠰᠢᠶᠠᠪᠠ᠃
  ᠤᠯᠠᠭᠠᠨ ᠬᠥᠬᠢᠭᠦᠯᠦᠭᠳᠡᠨ ᠰᠠᠶᠢᠰᠢᠶᠠᠭᠳᠠᠭᠰᠠᠨ ᠪᠠᠭᠰᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ    ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠯᠢ ᠶᠤᠸᠠᠨ ᠶᠤᠸᠠᠨ᠄ ︽ᠭᠤᠴᠢᠨ ᠳᠣᠯᠣᠳᠤᠭᠠᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠢ ᠰᠤᠷᠭᠠᠭᠤᠯᠢ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠢᠯᠢᠳᠡᠭ ᠪᠠᠭᠰᠢ ᠶᠢᠨ ᠢᠷᠠᠭᠤ ᠠᠯᠳᠠᠷ ᠤᠨ ᠴᠣᠯᠠ ᠣᠯᠭᠤᠭᠰᠠᠨ ᠳᠤ ᠮᠠᠰᠢ ᠶᠡᠭᠡ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠳᠤᠮᠳᠠ ᠪᠠᠨ ᠪᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠠᠭᠤᠤ ᠶᠡᠭᠡ ᠡᠭᠦᠷᠭᠡ ᠶᠢ ᠦᠢᠯᠡᠳᠦᠯᠭᠡᠵᠢᠭᠦᠯᠵᠦ᠂ ᠪᠣᠭᠤᠮᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
   ᠠᠵᠢᠯᠯᠠᠭ᠎ᠠ ᠶᠢᠨ ᠡᠴᠦᠰ ᠲᠤ᠂ ᠰᠤᠷᠭᠠᠭᠤᠯᠢ ᠶᠢᠨ ᠪᠥᠬᠦ ᠪᠠᠭᠰᠢ ᠠᠵᠢᠯᠲᠠᠨ ᠤᠯᠤᠰ ᠤᠨ ᠲᠤᠭ ᠳᠣᠤᠷ᠎ᠠ᠄ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠮᠣᠷᠠᠯ ᠲᠠᠢ᠂ ᠯᠠᠪᠳᠠᠭᠤᠨ ᠪᠠᠲᠤᠲᠠᠶ ᠡᠷᠳᠡᠮ ᠮᠡᠳᠡᠯᠭᠡ ᠲᠠᠢ᠂ ᠥᠷᠥᠰᠢᠶᠡᠯ ᠬᠠᠶᠢᠷ᠎ᠠ ᠲᠠᠢ ︽ᠳᠥᠷᠪᠡᠨ ᠶᠣᠰᠣ ᠮᠣᠷᠠᠯ ᠲᠠᠢ︾ ᠪᠠᠭᠰᠢ ᠪᠣᠯᠬᠤ ᠪᠠᠷ ᠴᠢᠷᠮᠠᠶᠢᠨ᠎ᠠ ᠭᠡᠵᠦ ᠲᠥᠪ ᠴᠢᠩᠭ᠎ᠠ ᠪᠠᠷ ᠲᠠᠩᠭᠠᠷᠢᠭᠯᠠᠪᠠ᠃        ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠂ ᠰᠢᠯᠢᠳᠡᠭ ᠠᠵᠤ ᠠᠬᠤᠶᠢᠯᠠᠯᠲᠠᠨ ᠤ ᠲᠥᠯᠥᠭᠡᠯᠡᠭᠴᠢ ᠨᠡᠷ ᠠᠵᠢᠯᠯᠠᠭ᠎ᠠ ᠳᠤ ᠣᠷᠣᠯᠴᠠᠵᠠᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号