ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠰᠤᠷᠤᠯᠭ᠎ᠠ ᠡᠬᠢᠯᠡᠬᠦ ᠶᠣᠰᠣᠯᠠᠯ ᠵᠢᠴᠢ 37 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠡᠷᠭᠢᠯᠡᠪᠡ ᠯᠦ ᠪᠦᠦ ᠳ᠋ᠦᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/9/13
37 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠳᠣᠯᠠᠳᠠ᠂ 9 ᠰᠠᠷ᠎ᠠ ᠶᠢᠨ 10 ᠤ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ 2021 — 2022 ᠣᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ 37 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃
    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠠᠵᠢᠯᠯᠠᠭ᠎ᠠ ᠳᠤ ᠣᠷᠣᠯᠴᠠᠪᠠ
        ᠪᠦᠬᠦ ᠪᠠᠭᠰᠢ ᠨᠠᠷ ᠲᠥᠪ ᠴᠢᠩᠭ᠎ᠠ ᠪᠠᠷ ᠲᠠᠩᠭᠠᠷᠢᠭᠯᠠᠬᠤ        ᠡᠨᠡ ᠬᠦ ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠦᠬᠦ ᠪᠠᠭᠰᠢ ᠨᠠᠷ ᠤᠯᠤᠰ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠪᠠ᠄ ︽ᠪᠢ ᠪᠣᠯ ᠨᠢᠭᠡᠨ ᠠᠷᠠᠳ ᠤᠨ ᠪᠠᠭᠰᠢ ᠮᠥᠨ᠂ ᠪᠢ ᠲᠠᠩᠭᠠᠷᠢᠭᠯᠠᠨ᠎ᠠ᠄ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ᠂ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠣᠰᠣ ᠰᠤᠷᠲᠠᠬᠤᠨ ᠤ ᠬᠥᠮᠦᠵᠢᠯ ᠳᠤ ᠠᠭᠤᠰᠤᠯᠴᠠᠵᠤ᠂ ᠤᠯᠤᠰ ᠤᠨ ︿ᠬᠤᠶᠠᠷ ᠢ ᠬᠥᠩᠭᠡᠯᠡᠬᠦ﹀ ᠤᠷᠢᠶᠠᠯᠠᠭ᠎ᠠ ᠶᠢ ᠴᠤᠤᠷᠢᠶᠠᠲᠤᠵᠤ᠂ ᠬᠠᠶᠢᠷ᠎ᠠ ᠰᠡᠳᠬᠢᠯᠭᠡ ᠪᠠᠷ ᠢᠶᠠᠨ ᠱᠤᠭᠤᠵᠤ᠂ ᠦᠨᠡᠨ ᠰᠡᠳᠬᠢᠯᠭᠡ ᠪᠠᠷ ᠢᠶᠠᠨ ᠤᠶᠠᠷᠠᠭᠤᠯᠤᠨ᠎ᠠ ᠁︾ ᠭᠡᠵᠦ ᠡᠷᠡᠰ ᠪᠠᠲᠤ ᠲᠠᠩᠭᠠᠷᠢᠭᠯᠠᠪᠠ᠃ ᠪᠠᠭᠰᠢ ᠨᠢᠭᠡᠪᠦᠷᠢ ᠶᠢᠨ ᠰᠡᠳᠬᠢᠯ ᠳᠠᠬᠢ ᠢᠷᠠᠭᠤ ᠠᠯᠳᠠᠷᠲᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠩ ᠴᠢᠩᠭ᠎ᠠ ᠪᠣᠯᠭᠠᠵᠤ᠂ ᠲᠡᠳᠡᠨ ᠢ ᠵᠣᠷᠢᠭᠵᠢᠭᠤᠯᠤᠨ ᠨᠡᠩ ᠥᠨᠳᠥᠷ ᠨᠡᠩ ᠠᠯᠤᠰ ᠬᠡᠳᠦ ᠶᠢᠨ ᠬᠠᠷᠠᠯᠲᠠ ᠵᠦᠭ ᠡᠷᠡᠯᠬᠡᠭᠯᠡᠨ ᠤᠷᠤᠭᠰᠢᠯᠠᠭᠤᠯᠤᠨ᠎ᠠ᠃
       ᠰᠢᠯᠢᠳᠡᠭ ᠪᠠᠭᠰᠢ ᠳᠤ ᠦᠨᠡᠮᠯᠡᠯ ᠣᠯᠭᠤᠬᠤ        ᠲᠤᠬᠠᠢ ᠶᠢᠨ ᠲᠠᠯᠠᠪᠠᠢ ᠳᠤ᠂ ᠯᠦ ᠪᠦᠦ ᠳ᠋ᠦᠩ ᠨᠠᠮ ᠤᠨ ᠲᠡᠦᠬᠡ ᠶᠢᠨ ︽ᠵᠢᠱᠢᠶᠡᠴᠢ ᠪᠠᠭᠰᠢ︾᠂ ︽ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠦᠨ︾ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠤ ᠰᠤᠷᠭᠠᠨ ᠬᠥᠮᠦᠵᠢᠯ ᠤᠨ ᠬᠦᠷᠢᠶᠡᠨ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠠ ᠬᠠᠮᠤᠭ ᠤᠨ ᠦᠨᠡᠨᠴᠢ ᠮᠡᠨᠳᠦᠴᠢᠯᠡᠯ ᠳᠡᠪᠰᠢᠭᠦᠯᠵᠡᠢ᠃        ︽ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠦᠨ︾  ᠢ ᠢᠷᠠᠭᠤ ᠠᠯᠳᠠᠷᠲᠠᠶ ᠪᠠᠷ ᠭᠥᠷᠳᠡᠭᠰᠡᠨ ᠬᠤᠩ ᠶᠢᠩ ᠪᠠᠭᠰᠢ ᠮᠠᠰᠢ ᠰᠡᠳᠬᠢᠯ ᠬᠥᠳᠡᠯᠦᠨ᠄ ︽ᠨᠠᠳᠠ ᠳᠤ ᠠᠪᠴᠤ ᠬᠡᠯᠡᠪᠡᠯ᠂ ᠡᠨᠡ ᠨᠢ ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ ᠪᠠᠰᠠ ᠨᠢᠭᠡ  ᠵᠦᠢᠯ ᠤᠨ ᠵᠣᠷᠢᠭᠵᠢᠭᠤᠯᠤᠯ ᠪᠣᠯᠬᠤ ᠶᠤᠮ᠃ ᠨᠢᠭᠡᠨ ᠵᠠᠯᠠᠭᠤ ᠪᠠᠭᠰᠢ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠸᠠᠩ ᠳ᠋ᠠ ᠨᠢᠶᠠᠨ ᠨᠥᠬᠦᠷ ᠵᠡᠷᠭᠡ ᠰᠢᠯᠢᠳᠡᠭ ᠪᠠᠭᠰᠢ ᠪᠠᠷ ᠳᠠᠭᠤᠷᠢᠶᠠᠯ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠳᠣᠲᠣᠭᠠᠳᠤ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︕︾ ᠭᠡᠵᠦ ᠬᠡᠯᠡᠪᠡ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠢᠯᠢᠳᠡᠭ ᠰᠤᠷᠤᠭᠴᠢ ᠪᠣᠯᠤᠨ ᠰᠢᠯᠢᠳᠡᠭ ᠭᠡᠷ ᠤᠨ ᠠᠬᠠᠮᠠᠳ ᠭᠡᠰᠢᠭᠦᠨ ᠢ ᠬᠥᠬᠢᠭᠦᠯᠦᠨ ᠰᠠᠶᠢᠰᠢᠶᠠᠪᠠ᠃
       ᠰᠢᠯᠢᠳᠡᠭ ᠰᠤᠷᠤᠭᠴᠢ ᠶᠢ ᠬᠥᠬᠢᠭᠦᠯᠦᠨ ᠰᠠᠶᠢᠰᠢᠶᠠᠬᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号