ᠰᠢ ᠶᠢᠨ ᠫᠢᠩ ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/13
     ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠠᠭᠤᠯᠵᠠᠯᠲᠠ 9 ᠤ ᠤᠷᠤᠢ ᠸᠢᠳᠢᠣ᠋ ᠬᠡᠯᠪᠡᠷᠢ ᠪᠠᠷ ᠶᠠᠪᠤᠭᠳᠠᠪᠠ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ  ᠶᠢᠨ ᠫᠢᠩ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠪᠷᠠᠽᠢᠯ ᠤᠨ ᠶᠡᠷᠦᠩᠬᠡᠶᠢᠯᠡᠭᠴᠢ ᠪᠤᠰᠤᠨᠠᠷᠣ᠋᠂ ᠣᠷᠣᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠳᠤ ᠣᠷᠣᠯᠴᠠᠵᠤ᠂ ᠡᠨᠡᠳᠬᠡᠭ ᠤᠨ ᠶᠡᠷᠦᠩᠬᠡᠶ ᠰᠠᠶᠢᠳ ᠮᠦᠸᠧᠳᠢ ᠠᠭᠤᠯᠵᠠᠯᠲᠠ ᠶᠢ ᠡᠷᠭᠢᠯᠡᠪᠡ᠃      9 ᠰᠠᠷ᠎ᠠ ᠶᠢᠨ 9 ᠤ ᠤᠷᠤᠢ᠂ ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠠᠭᠤᠯᠵᠠᠯᠲᠠ ᠸᠢᠳᠢᠣ᠋ ᠬᠡᠯᠪᠡᠷᠢ ᠪᠠᠷ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠬᠡᠵᠢᠩ ᠠᠴᠠ ᠠᠭᠤᠯᠵᠠᠯᠲᠠ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠡ      9 ᠰᠠᠷ᠎ᠠ ᠶᠢᠨ 9 ᠤ ᠤᠷᠤᠢ᠂ ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠠᠭᠤᠯᠵᠠᠯᠲᠠ ᠸᠢᠳᠢᠣ᠋ ᠬᠡᠯᠪᠡᠷᠢ ᠪᠠᠷ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠬᠡᠵᠢᠩ ᠠᠴᠠ ᠠᠭᠤᠯᠵᠠᠯᠲᠠ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠪᠷᠠᠽᠢᠯ ᠤᠨ ᠶᠡᠷᠦᠩᠬᠡᠶᠢᠯᠡᠭᠴᠢ ᠪᠤᠰᠤᠨᠠᠷᠣ᠋᠂ ᠣᠷᠣᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠳᠤ ᠣᠷᠣᠯᠴᠠᠵᠤ᠂ ᠡᠨᠡᠳᠬᠡᠭ ᠤᠨ ᠶᠡᠷᠦᠩᠬᠡᠶ ᠰᠠᠶᠢᠳ ᠮᠦᠸᠧᠳᠢ ᠠᠭᠤᠯᠵᠠᠯᠲᠠ ᠶᠢ ᠡᠷᠭᠢᠯᠡᠪᠡ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠬᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭᠠᠨ ᠤ 15 ᠵᠢᠯ ᠤᠨ ᠤᠢ ᠪᠣᠯᠤᠨ᠎ᠠ᠃ 15 ᠵᠢᠯ ᠤᠨ ᠲᠤᠷᠰᠢ᠂ ᠲᠠᠪᠤᠨ ᠤᠯᠤᠰ ᠨᠡᠭᠡᠭᠡᠯᠲᠡᠲᠡᠢ ᠪᠠᠭᠲᠠᠭᠠᠮᠵᠢᠲᠠᠢ᠂ ᠡᠷᠬᠡ ᠲᠡᠭᠰᠢ ᠪᠠᠷ ᠬᠠᠨᠳᠤᠯᠴᠠᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠣᠯᠤᠨ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠲᠤᠰ ᠲᠤᠰ ᠤᠨ ᠢᠶᠠᠨ ᠨᠡᠶᠢᠭᠡᠮ ᠤᠨ ᠪᠠᠶᠢᠭᠤᠯᠤᠯ ᠪᠣᠯᠤᠨ ᠬᠥᠭᠵᠢᠯᠲᠡ ᠶᠢᠨ ᠵᠠᠮ ᠢ ᠬᠦᠨᠳᠦᠳᠬᠡᠵᠦ᠂ ᠤᠯᠤᠰ ᠤᠯᠤᠰ ᠤᠨ ᠬᠤᠭᠤᠷᠤᠨᠳᠤᠬᠢ ᠬᠠᠷᠢᠯᠴᠠᠭᠠᠨ ᠤ ᠵᠥᠪ ᠵᠠᠮ ᠢ ᠲᠠᠰᠤᠷᠠᠯᠳᠠ ᠦᠭᠡᠢ ᠰᠦᠪᠡᠭᠴᠢᠯᠡᠪᠡ ︔ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠳᠠᠯᠠᠵᠥ᠂ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠵᠣᠯᠭᠠᠭᠤᠯᠵᠤ᠂ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢᠶᠠᠨ ᠪᠠᠳᠠᠷᠠᠭᠤᠯᠵᠥ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠬᠥᠭᠵᠢᠬᠦ ᠵᠠᠮ ᠳᠤ ᠡᠷᠡᠮᠡᠬᠡᠶᠢᠯᠡᠨ ᠤᠷᠤᠭᠰᠢᠯᠠᠪᠠ︔ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠥᠪᠡᠷ ᠤᠨ ᠪᠠ ᠥᠷᠥᠭᠡᠯ ᠪᠤᠰᠤᠳ ᠤᠨ ᠲᠥᠯᠥᠭᠡ ᠵᠢᠳᠬᠦᠵᠦ᠂ ᠤᠯᠠᠨ ᠲᠠᠯᠠᠲᠤ ᠦᠵᠡᠯ ᠢ ᠳᠡᠮᠵᠢᠵᠦ᠂ ᠪᠦᠬᠦ ᠪᠥᠮᠪᠥᠷᠴᠡᠭ ᠤᠨ ᠵᠠᠰᠠᠯᠲᠠ ᠳᠤ ᠣᠷᠣᠯᠴᠠᠵᠤ᠂ ᠤᠯᠠᠨ ᠤᠯᠤᠰ ᠤᠨ ᠲᠠᠪᠴᠠᠩ ᠳᠡᠭᠡᠷᠡᠬᠢ ᠣᠮᠲᠣᠭᠠᠶᠢᠯᠠᠵᠤ ᠪᠣᠯᠤᠰᠢ ᠦᠭᠡᠢ ᠴᠢᠬᠤᠯᠠ ᠬᠦᠴᠦᠨ ᠪᠣᠯᠪᠠ᠃ ᠵᠢᠯ ᠤᠨ ᠡᠬᠢᠨ ᠠᠴᠠ ᠨᠠᠭᠠᠰᠢ᠂ ᠲᠠᠪᠤᠨ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠯᠠᠨ ᠳᠠᠪᠠᠵᠤ᠂ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭᠠᠨ ᠤ ᠬᠥᠭᠵᠢᠯᠲᠡ ᠶᠢᠨ ᠬᠠᠨᠳᠤᠰᠢ ᠪᠠᠨ ᠪᠠᠲᠤᠯᠠᠬᠤ ᠶᠢ ᠠᠬᠢᠭᠤᠯᠵᠥ᠂ ᠮᠠᠰᠢ ᠤᠯᠠᠨ ᠬᠦᠷᠢᠶᠡᠨ ᠳᠤ ᠰᠢᠨ᠎ᠡ ᠠᠬᠢᠴᠠ ᠲᠠᠢ ᠪᠣᠯᠪᠠ᠃ ᠶᠠᠮᠠᠷ ᠬᠦᠴᠢᠷ ᠪᠡᠷᠬᠡᠰᠢᠶᠡᠯ ᠲᠤᠯᠭᠠᠷᠠᠭᠰᠠᠨ ᠴᠤ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠯᠠ ᠶᠤᠮ ᠪᠣᠯ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠬᠤᠯᠠ ᠠᠶᠠᠯᠠᠵᠤ ᠴᠢᠳᠠᠨ᠎ᠠ ᠬᠡᠳᠡᠭ ᠢ ᠪᠣᠳᠠᠲᠤ ᠶᠠᠪᠤᠳᠠᠯ ᠭᠡᠷᠡᠴᠢᠯᠡᠵᠠᠢ ᠬᠡᠵᠥ ᠵᠢᠭᠠᠵᠥ ᠭᠠᠷᠭᠠᠪᠠ᠃      ᠰᠢ ᠶᠢᠨ ᠫᠢᠩ ︽ᠠᠯᠳᠠᠨ ᠲᠣᠭᠤᠰᠬ᠎ᠠ ᠤᠯᠤᠰ ᠤᠳ ᠭᠠᠷ ᠬᠤᠯᠪᠣᠨ ᠬᠠᠮᠳᠤᠷᠠᠯᠴᠠᠵᠦ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠳᠤ ᠤᠴᠠᠷᠠᠵᠤ᠂ ᠤᠯᠠᠨ ᠤᠯᠤᠰ ᠤᠨ ᠡᠮᠬᠢ ᠳᠢᠭᠯᠢᠮ ᠤᠨ ᠬᠤᠪᠢᠰᠤᠯᠲᠠ ᠭᠦᠨᠵᠡᠭᠡᠢ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠥᠷᠢᠰᠥᠯᠳᠦᠭᠡᠨ ᠤ ᠡᠮᠦᠨ᠎ᠡ᠂ ᠠᠯᠳᠠᠨ ᠲᠣᠭᠤᠰᠬ᠎ᠠ ᠤᠯᠤᠰ ᠤᠳ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠳᠠ ᠶᠢ ᠠᠬᠢᠭᠤᠯᠤᠶ᠎ᠠ᠃      — ᠪᠢᠳᠡ ᠵᠢᠩᠬᠢᠨᠢ ᠤᠯᠠᠨ ᠲᠠᠯᠠᠲᠤ ᠦᠵᠡᠯ ᠢ ᠠᠬᠢᠭᠤᠯᠤᠨ ᠦᠢᠯᠡᠳᠦᠯᠭᠡᠵᠢᠬᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠠ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠠ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠲᠢᠭᠯᠢᠮ ᠢ ᠬᠠᠮᠠᠭᠠᠯᠠᠶ᠎ᠠ᠃      — ᠪᠢᠳᠡ ᠪᠦᠬᠦ ᠪᠥᠮᠪᠥᠷᠴᠡᠭ ᠢᠶᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ ᠶᠢ ᠠᠬᠢᠭᠤᠯᠵᠤ᠂ ᠭᠠᠷ ᠬᠤᠯᠪᠣᠨ ᠬᠢᠵᠢᠭ ᠤᠨ ᠪᠠᠶᠢᠳᠠᠯ ᠢ ᠠᠷᠭᠠᠴᠠᠭᠠᠵᠤ᠂ ᠰᠢᠨᠵᠢᠯᠡᠬᠦ ᠤᠬᠠᠭᠠᠨᠴᠢ ᠪᠠᠷ ᠡᠬᠢ ᠡᠭᠦᠰᠦᠯ ᠢ ᠨᠢ ᠮᠦᠷᠳᠡᠬᠦ ᠶᠢ ᠪᠠᠷᠢᠮᠲᠠᠯᠠᠵᠤ᠂ ᠤᠯᠤᠰ ᠲᠦᠷᠦᠴᠢᠯᠡᠬᠦ᠂ ᠮᠠᠭᠤ ᠨᠡᠷ᠎ᠡ ᠵᠡᠭᠦᠯᠭᠡᠬᠦ ᠶᠢ ᠡᠰᠡᠷᠭᠦᠴᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠸᠠᠺᠼᠢᠨ ᠢ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠣᠯᠭᠠᠨ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠡᠷᠬᠡ ᠲᠡᠭᠰᠢ ᠪᠠᠷ ᠬᠤᠪᠢᠶᠠᠷᠢᠯᠠᠬᠤ ᠶᠢ ᠠᠬᠢᠭᠤᠯᠤᠶ᠎ᠠ᠃      — ᠪᠢᠳᠡ ᠨᠡᠭᠡᠭᠡᠯᠲᠡᠲᠦ ᠰᠢᠨ᠎ᠡ ᠶᠢ ᠡᠭᠦᠳᠬᠦ ᠨᠡᠮᠡᠭᠳᠡᠯ ᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠰᠡᠷᠭᠦᠯᠲᠡ ᠳᠤ ᠬᠦᠴᠦ ᠨᠡᠮᠡᠷᠢᠯᠡᠵᠦ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠰᠠᠭᠤᠷᠢ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠪᠤᠢ ᠪᠦᠬᠦᠢ ᠤᠯᠤᠰ ᠲᠤ ᠬᠦᠷᠲᠡᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ᠃      — ᠪᠢᠳᠡ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠶ᠎ᠡ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠦᠨᠳᠦᠰᠦᠯᠡᠨ᠂ ᠠᠭᠤᠷ ᠠᠮᠢᠰᠬᠤᠯ ᠤᠨ ᠬᠤᠪᠢᠷᠠᠯᠲᠠ  ᠶᠢ ᠢᠳᠡᠪᠬᠢᠲᠡᠢ ᠠᠷᠭᠠᠴᠠᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠯᠲᠠ ᠶᠢ ᠠᠬᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠡ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠯ ᠢᠶᠠᠨ ᠴᠢᠩᠭᠠᠳᠬᠠᠨ᠂ ᠠᠯᠳᠠᠨ ᠲᠣᠭᠤᠰᠬ᠎ᠠ ᠤᠯᠤᠰ ᠤᠳ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠨᠡᠩ ᠴᠢᠨᠠᠷ ᠰᠠᠶᠢᠲᠠᠢ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠤᠶ᠎ᠠ ᠭᠡᠵᠤ ᠴᠢᠬᠤᠯᠠᠴᠢᠯᠠᠪᠠ᠃ ᠰᠢ ᠶᠢᠨ ᠫᠢᠩ 5 ᠲᠠᠯ᠎ᠠ ᠶᠢᠨ ᠰᠠᠨᠠᠭᠠᠴᠢᠯᠠᠭ᠎ᠠ ᠳᠤᠷᠠᠳᠴᠠᠢ᠃      ᠨᠢᠭᠡᠳᠦᠭᠡᠷ ᠲᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠶ᠎ᠡ᠃ ᠪᠠᠶᠢᠪᠠᠰᠤ ᠵᠣᠬᠢᠬᠤ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠷ ᠲᠤᠰ ᠲᠤᠰ ᠤᠨ ᠢᠶᠠᠨ ᠬᠢᠵᠢᠭ ᠲᠠᠢ ᠲᠡᠮᠡᠴᠡᠬᠦ ᠴᠢᠷᠮᠠᠶᠢᠯᠭ᠎ᠠ ᠶᠢ ᠬᠠᠷᠢᠯᠴᠠᠨ ᠳᠡᠮᠵᠢᠵᠦ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠤᠪᠢᠶᠠᠯᠴᠠᠨ᠂ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠰᠣᠯᠢᠯᠴᠠᠶ᠎ᠠ᠃ ᠸᠠᠺᠼᠢᠨ ᠢ ᠬᠠᠮᠲᠤᠷᠠᠨ ᠰᠤᠳᠤᠯᠤᠨ ᠨᠡᠭᠡᠭᠡᠬᠦ᠂ ᠬᠠᠮᠲᠤᠷᠠᠨ ᠦᠢᠯᠡᠳᠪᠦᠷᠢᠯᠡᠬᠦ᠂ ᠪᠠᠷᠢᠮᠵᠢᠶ᠎ᠠ ᠶᠢ ᠬᠠᠷᠢᠯᠴᠠᠨ ᠮᠡᠳᠡᠷᠡᠬᠦ ᠵᠡᠷᠭᠡ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠠᠯᠲᠠᠨ ᠲᠣᠭᠤᠰᠬ᠎ᠠ ᠤᠯᠤᠰ ᠤᠳ ᠤᠨ ᠸᠠᠺᠼᠢᠨ ᠢ ᠰᠤᠳᠤᠯᠤᠨ ᠨᠡᠭᠡᠭᠡᠬᠦ ᠲᠥᠪ ᠤᠨ ᠰᠦᠯᠵᠢᠶᠡᠨ ᠳᠡᠭᠡᠷ᠎ᠡ ᠡᠷᠲᠡᠬᠡᠨ ᠠᠵᠢᠯ ᠢᠶᠠᠨ ᠡᠬᠢᠯᠡᠭᠦᠯᠬᠦ ᠶᠢ ᠠᠬᠢᠭᠤᠯᠤᠶ᠎ᠠ᠃ ᠤᠯᠠᠮᠵᠢᠯᠠᠯᠲᠤ ᠡᠮ ᠡᠮᠨᠡᠯᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠢᠵᠢᠭ ᠲᠠᠢ ᠲᠡᠮᠡᠴᠡᠬᠦ ᠳᠤ ᠨᠠᠩ ᠣᠯᠠᠨ ᠠᠷᠭ᠎ᠠ ᠪᠠᠷᠢᠯ ᠬᠠᠩᠭᠠᠶ᠎ᠡ᠃      ᠬᠤᠶᠠᠳᠤᠭᠠᠷ ᠲᠤ᠂ ᠲᠥᠪ ᠭᠤᠣᠯᠴᠢ ᠪᠦᠭᠡᠳ ᠬᠦᠷᠦᠯᠴᠡᠬᠦ᠋ᠢᠴᠡ ᠪᠠᠶᠢᠬᠤ ᠶᠢ ᠪᠠᠷᠢᠮᠲᠠᠯᠠᠵᠤ᠂ ᠸᠠᠺᠼᠢᠨ ᠤ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠬᠡᠷᠡᠭᠴᠡᠭᠡ ᠲᠠᠢ ᠤᠯᠤᠰ ᠲᠤ ᠸᠠᠺᠼᠢᠨ ᠪᠣᠯᠤᠨ ᠬᠠᠷᠠᠭᠠᠯᠵᠠᠬᠰᠡᠨ ᠮᠡᠷᠭᠡᠵᠢᠯ ᠤᠨ ᠳᠡᠮᠵᠢᠯᠭᠡ ᠬᠠᠩᠭᠠᠵᠤ᠂ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ᠶᠢ ᠠᠬᠢᠭᠤᠯᠬᠤ᠂ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠴᠢᠩᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠠ᠃ ᠣᠳᠣᠬᠠᠨ ᠪᠣᠯᠲᠠᠯ᠎ᠠ᠂ ᠳᠤᠮᠳᠠᠳᠤ ᠤᠯᠤᠰ ᠨᠢᠭᠡᠨᠲᠡ 100 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 10 ᠳ᠋ᠦᠩᠰᠢᠭᠤᠷ ᠭᠠᠷᠤᠶ ᠸᠠᠺᠼᠢᠨ ᠪᠠ ᠤᠬ ᠰᠢᠩᠭᠡᠨ ᠬᠠᠩᠭᠠᠵᠤ᠂ ᠪᠥᠬᠦ ᠵᠢᠯ ᠳᠤ ᠭᠠᠳᠠᠭᠠᠳᠤ ᠳᠤ 20 ᠳ᠋ᠦᠩᠰᠢᠭᠤᠷ ᠭᠠᠷᠤᠶ ᠸᠠᠺᠼᠢᠨ ᠬᠠᠩᠭᠠᠬᠤ ᠪᠠᠷ ᠴᠢᠷᠮᠠᠶᠢᠨ᠎ᠡ᠃ ᠪᠢ ᠳᠤᠷᠠᠲᠠᠶ᠎ᠠ ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ 1 ᠳ᠋ᠦᠩᠰᠢᠭᠤᠷ ᠳ᠋ᠣᠯᠯᠠᠷ ᠬᠠᠨᠳᠢᠪᠯᠠᠭᠰᠠᠨ ᠰᠠᠭᠤᠷᠢᠨ ᠳᠡᠭᠡᠷ᠎ᠡ ᠂ ᠵᠢᠯ ᠤᠨ ᠳᠣᠲᠣᠷ᠎ᠠ ᠬᠥᠭᠵᠢᠵᠦ ᠪᠠᠶᠢᠭ᠎ᠠ ᠤᠯᠤᠰ ᠲᠤ ᠳᠠᠬᠢᠨ 1 ᠳ᠋ᠦᠩᠰᠢᠭᠤᠷ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠬᠠᠨᠳᠢᠪᠯᠠᠨ᠎ᠠ ᠭᠡᠵᠦ ᠨᠡᠶᠢᠲᠡᠯᠡᠶ᠎ᠡ᠃      ᠭᠤᠷᠪᠠᠳᠤᠭᠠᠷ ᠲᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ︽ᠠᠯᠳᠠᠨ ᠲᠣᠭᠤᠰᠬ᠎ᠠ ᠤᠯᠤᠰ ᠤᠳ ᠤᠨ ᠠᠵᠤ ᠠᠬᠤᠢ ᠶᠢᠨ ᠬᠠᠨᠢᠲᠠᠨ ᠤ ᠪᠠᠶᠢᠯᠳᠤᠬᠤ ᠪᠤᠳᠤᠯᠭ᠎ᠠ 2025︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠭᠡᠶ᠎ᠠ᠃ ᠳᠤᠮᠳᠠᠳᠤ ᠤᠯᠤᠰ ᠠᠯᠳᠠᠨ ᠲᠣᠭᠤᠰᠬ᠎ᠠ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠡᠭᠡᠳᠦ ᠵᠡᠷᠭᠡ ᠶᠢᠨ ᠬᠤᠷᠠᠯ᠂ ᠠᠯᠳᠠᠨ ᠲᠣᠭᠤᠰᠬ᠎ᠠ ᠤᠯᠤᠰ ᠤᠳ ᠤᠨ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠶᠠᠷᠢᠶᠠᠨ ᠤ ᠲᠠᠪᠴᠠᠩ ᠡᠷᠬᠢᠯᠡᠬᠦ ᠶᠢ ᠰᠠᠨᠠᠭᠠᠴᠢᠯᠠᠵᠤ ᠪᠠᠶᠢᠨ᠎ᠠ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠪᠦᠷᠢᠯᠳᠦᠬᠦᠨ ᠢᠶᠠᠨ ᠥᠷᠭᠡᠳᠬᠡᠬᠦ ᠠᠵᠢᠯ ᠮᠥᠨ ᠴᠢᠨᠠᠷ ᠤᠨ ᠠᠬᠢᠴᠠ ᠲᠠᠢ ᠪᠣᠯᠬᠤ ᠶᠢ ᠪᠠᠶᠠᠷᠯᠠᠨ ᠤᠭᠲᠤᠵᠤ᠂ ᠪᠠᠩᠬᠢ ᠶᠢᠨ ᠪᠦᠷᠢᠯᠳᠦᠬᠦᠨ ᠨᠦᠭᠦᠳ ᠤᠨ ᠬᠥᠭᠵᠢᠯᠲᠡ ᠪᠠ ᠪᠦᠬᠦ ᠪᠥᠮᠪᠥᠷᠴᠡᠭ ᠤᠨ ᠠᠵᠤ ᠠᠬᠤᠢ ᠮᠥᠩᠭᠦᠨ ᠭᠦᠢᠯᠭᠡᠭᠡᠨ ᠤ ᠬᠡᠷᠡᠭ ᠶᠠᠪᠤᠳᠠᠯ ᠢ ᠳᠡᠮᠵᠢᠬᠦ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠃ ᠠᠯᠳᠠᠨ ᠲᠣᠭᠤᠰᠬ᠎ᠠ ᠤᠯᠤᠰ ᠤᠳ ᠤᠨ ᠰᠢᠨ᠎ᠡ ᠠᠵᠤ ᠦᠢᠯᠡᠳᠪᠦᠷᠢ ᠶᠢᠨ ᠬᠤᠪᠢᠰᠬᠠᠯ ᠤᠨ ᠬᠠᠨᠢᠲᠠᠨ ᠤ ᠬᠠᠷᠢᠯᠴᠠᠭ᠎ᠠ ᠶᠢᠨ ᠰᠢᠶᠠᠮᠧᠨ ᠤ ᠰᠢᠨ᠎ᠡ ᠶᠢ ᠡᠭᠦᠳᠬᠦ ᠰᠠᠭᠤᠷᠢᠨ ᠨᠢᠭᠡᠨᠲᠡ ᠵᠢᠩᠬᠢᠨᠢ ᠪᠠᠷ ᠠᠰᠢᠬᠯᠠᠯᠲᠠ ᠳᠤ ᠣᠷᠣᠪᠠ᠂ ᠠᠯᠳᠠᠨ ᠲᠣᠭᠤᠰᠬ᠎ᠠ ᠤᠯᠤᠰ ᠤᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ᠳᠥᠷᠪᠡᠳᠦᠭᠡᠷ ᠲᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠤᠯᠤᠰ ᠲᠦᠷᠦ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠠᠯᠳᠠᠨ ᠲᠣᠭᠤᠰᠬ᠎ᠠ ᠤᠯᠤᠰ ᠤᠳ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠤ᠂ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠶ᠎ᠠ᠃ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ᠠᠭᠤᠯᠵᠠᠯᠲᠠ᠂ ᠠᠮᠤᠷ ᠲᠦᠪᠰᠢᠨ ᠤ ᠬᠡᠷᠡᠭ ᠶᠠᠪᠤᠳᠠᠯ ᠤᠨ ᠳᠡᠭᠡᠳᠦ ᠵᠡᠷᠭᠡ ᠶᠢᠨ ᠲᠥᠯᠥᠭᠡᠯᠡᠭᠴᠢᠳ ᠤᠨ ᠬᠤᠷᠠᠯ ᠵᠡᠷᠭᠡ ᠲᠣᠭᠲᠠᠴᠠ ᠶᠢ ᠰᠠᠶᠢᠲᠤᠷ ᠠᠰᠢᠬᠯᠠᠵᠤ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠵᠣᠭᠰᠣᠯᠲᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠡᠩ ᠤᠯᠠᠨ ᠠᠯᠳᠠᠨ ᠲᠣᠭᠤᠰᠬ᠎ᠠ ᠤᠯᠤᠰ ᠤᠳ ᠤᠨ ᠲᠠᠭᠤᠨ ᠢ ᠴᠤᠤᠷᠢᠶᠠᠲᠤᠭᠤᠯᠤᠶ᠎ᠠ᠃      ᠲᠠᠪᠤᠳᠤᠭᠠᠷ ᠲᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ ᠶᠢ ᠪᠠᠷᠢᠮᠲᠠᠯᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠠᠯᠳᠠᠨ ᠲᠣᠭᠤᠰᠬ᠎ᠠ ᠤᠯᠤᠰ ᠤᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠪᠠᠶᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠷᠬᠢᠯᠡᠬᠦ ᠶᠢ ᠰᠠᠨᠠᠭᠠᠴᠢᠯᠠᠵᠤ ᠪᠠᠶᠢᠨ᠎ᠠ᠃ ᠳᠤᠮᠳᠠᠳᠤ ᠤᠯᠤᠰ ᠪᠠᠰᠠ ᠠᠯᠲᠠᠨ ᠲᠣᠭᠤᠰᠬ᠎ᠠ ᠤᠯᠤᠰ ᠤᠳ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠰᠤᠳᠤᠯᠤᠨ ᠶᠠᠷᠢᠯᠴᠠᠬᠤ ᠬᠤᠷᠠᠯ ᠪᠠ ᠰᠣᠶᠣᠯ ᠢᠷᠭᠡᠨᠰᠢᠯ ᠤᠨ ᠰᠣᠯᠢᠯᠴᠠᠭᠠᠨ ᠤ ᠶᠠᠷᠢᠶᠠᠨ ᠤ ᠲᠠᠪᠴᠠᠩ ᠡᠷᠭᠢᠯᠡᠵᠦ᠂ ᠲᠠᠪᠤᠨ ᠤᠯᠤᠰ ᠤᠨ ᠵᠠᠭᠤᠴᠢᠯᠠᠭᠤᠷ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠭᠢᠯᠡᠨ᠎ᠡ᠃ ᠢᠷᠡᠬᠦ ᠵᠢᠯ ᠤᠨ ᠡᠬᠢ ᠪᠠᠷ᠂ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠵᠦ᠂ ᠠᠯᠲᠠᠨ ᠲᠣᠭᠤᠰᠬ᠎ᠠ ᠤᠯᠤᠰ ᠤᠳ ᠵᠡᠷᠭᠡ ᠳᠡᠯᠡᠬᠡᠢ ᠶᠢᠨ ᠡᠯ᠎ᠡ ᠤᠯᠤᠰ ᠤᠨ ᠲᠠᠮᠢᠷᠴᠢᠳ ᠬᠠᠮᠲᠤ ᠪᠠᠷ ᠤᠷᠤᠯᠳᠤᠭᠠᠨ ᠳᠤ ᠣᠷᠣᠯᠴᠠᠵᠤ᠂ ᠰᠢᠯᠢᠳᠡᠭ ᠠᠮᠵᠢᠯᠲᠠ ᠤᠯᠬᠤ ᠶᠢ ᠬᠦᠰᠡᠵᠦ ᠪᠠᠶᠢᠨ᠎ᠠ᠃      ᠰᠢ ᠶᠢᠨ ᠫᠢᠩ᠂ ᠮᠡᠷᠭᠡᠳ ᠴᠠᠭ ᠦᠶ᠎ᠠ ᠳᠤᠷ ᠵᠤᠬᠢᠴᠠᠭᠤᠯᠤᠨ ᠪᠤᠳᠤᠯᠭ᠎ᠠ ᠶᠤᠭᠠᠨ ᠬᠤᠪᠢᠷᠠᠭᠤᠯᠤᠮᠤᠢ᠂ ᠤᠢ ᠪᠢᠯᠢᠭᠳᠡᠨ ᠭᠡᠷᠡᠭ ᠤᠴᠢᠷ ᠲᠤᠷ ᠴᠢᠭᠯᠡᠬᠦᠯᠦᠨ ᠲᠦᠷᠢᠮ ᠶᠦᠭᠡᠨ ᠲᠤᠭᠳᠠᠭᠠᠮᠤᠢ᠃ ᠪᠢᠳᠡ ᠠᠯᠲᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠶᠢ ᠠᠬᠢᠭᠤᠯᠬᠤ ᠵᠠᠮ ᠳᠡᠭᠡᠷ᠎ᠡ ᠴᠠᠭ ᠦᠶ᠎ᠡ ᠶᠢᠨ ᠬᠤᠪᠢᠷᠠᠯᠲᠠ ᠶᠢ ᠳᠠᠭᠠᠵᠤ᠂ ᠴᠠᠭ ᠦᠶ᠎ᠡ ᠶᠢ ᠲᠠᠭᠠᠨ ᠵᠡᠷᠭᠡ ᠪᠠᠷ ᠤᠷᠤᠭᠰᠢᠯᠠᠬᠤ ᠶᠢ ᠪᠡᠶᠡᠯᠡᠭᠦᠯᠦᠶ᠎ᠠ᠃ ᠪᠢᠳᠡᠨ ᠤ ᠬᠠᠮᠲᠤ ᠶᠢᠨ ᠴᠢᠷᠮᠠᠶᠢᠯᠭ᠎ᠠ ᠪᠠᠷ ᠠᠯᠳᠠᠨ ᠲᠣᠭᠤᠰᠬ᠎ᠠ ᠤᠯᠤᠰ ᠤᠳ ᠤᠨ ᠲᠣᠭᠲᠠᠴᠠ ᠯᠠᠪᠲᠠᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠢᠲᠡᠭᠡᠵᠦ ᠪᠠᠶᠢᠨ᠎ᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠢᠷᠡᠬᠦ ᠵᠢᠯ ᠲᠤᠮᠲᠠᠲᠤ ᠤᠯᠤᠰ ᠠᠯᠲᠠᠠ ᠲᠤᠭᠤᠰᠬ᠎ᠠ ᠤᠯᠤᠰ ᠤᠳ ᠤᠨ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠵᠦ᠂ ᠠᠯᠲᠠᠠ ᠲᠤᠭᠤᠰᠬ᠎ᠠ ᠤᠯᠤᠰ ᠤᠳ ᠤᠨ ᠤᠲᠤᠷᠢᠳᠬᠤ ᠬᠦᠮᠦᠰ ᠤᠨ ᠠᠷᠪᠠᠠ ᠲᠦᠷᠪᠡᠲᠦᠭᠡᠷ ᠤᠲᠠᠭ᠎ᠠ ᠶᠢᠨ ᠠᠭᠤᠯᠵᠠᠯᠲᠠ ᠶᠢ ᠭᠤᠤᠯᠯᠠᠠ ᠡᠷᠬᠢᠯᠡᠬᠦ ᠪᠤᠯᠤᠨ᠎ᠠ᠃ ᠲᠤᠮᠳᠠᠳᠤ ᠤᠯᠤᠰ ᠠᠯᠲᠠᠨ ᠲᠣᠭᠤᠰᠬ᠎ᠠ ᠤᠯᠤᠰ ᠤᠳ ᠤᠨ ᠬᠠᠨᠢᠲᠠᠨ ᠲᠠᠢ ᠬᠠᠮᠲᠤ ᠪᠠᠷ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠨᠡᠩ ᠨᠢᠭᠲᠠ᠂ ᠨᠡᠩ ᠪᠣᠳᠠᠲᠠᠢ ᠶᠢ ᠡᠷᠬᠢᠮᠯᠡᠭᠰᠡᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠦ᠂ ᠬᠠᠮᠲᠤ ᠶᠢᠨ ᠦᠷᠢᠰᠦᠯᠲᠦᠭᠡᠡ ᠢ ᠠᠷᠭᠠᠴᠠᠭᠠᠵᠦ᠂ ᠰᠠᠶᠢᠨ ᠰᠠᠶᠢᠬᠠᠠ ᠠᠯᠤᠰ ᠢᠷᠡᠭᠡᠲᠦᠢ ᠪᠠᠨ ᠬᠠᠮᠲᠤ ᠪᠠᠷ ᠴᠤᠭᠴᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠲᠠᠪᠤᠨ ᠤᠯᠤᠰ ᠤᠨ ᠤᠳᠤᠷᠢᠳᠬᠤ ᠬᠥᠮᠦᠰ ︽ᠠᠯᠳᠠᠨ ᠲᠣᠭᠤᠰᠬ᠎ᠠ ᠤᠯᠤᠰ ᠤᠳ ᠤᠨ 15 ᠵᠢᠯ ᠤᠨ ᠤᠢ᠄ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠦᠷᠭᠦᠯᠵᠢᠯᠡᠯ᠂ ᠪᠠᠬᠢᠵᠢᠯ ᠪᠤᠯᠤᠨ ᠬᠠᠮᠲᠤ ᠶᠢᠨ ᠲᠠᠨᠢᠯᠲᠠ ᠶᠢ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ︽ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠠᠭᠤᠯᠵᠠᠯᠲᠠ ᠶᠢᠨ ᠰᠢᠨ᠎ᠡ ᠳ᠋ᠧᠯᠢ ᠶᠢᠨ ᠲᠤᠩᠬᠠᠭ︾ ᠢ ᠪᠠᠲᠤᠯᠠᠪᠠ᠃      ᠲᠠᠪᠤᠨ ᠤᠯᠤᠰ ᠤᠨ ᠤᠳᠤᠷᠢᠳᠬᠤ ᠬᠥᠮᠦᠰ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭᠠᠨ ᠤ 15 ᠵᠢᠯ ᠤᠨ ᠲᠤᠷᠰᠢ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠵᠢᠯ ᠤᠨ ᠡᠬᠢᠨ ᠠᠴᠠ ᠨᠠᠭᠠᠰᠢᠬᠢ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠪᠣᠯᠤᠨ ᠨᠠᠷᠢᠨ ᠪᠤᠳᠤᠯᠢᠶᠠᠨᠲᠠᠢ ᠤᠯᠠᠨ ᠤᠯᠤᠰ ᠤᠨ ᠪᠠᠶᠢᠳᠠᠯ ᠤᠨ ᠡᠮᠦᠨ᠎ᠡ᠂ ᠲᠠᠪᠤᠨ ᠤᠯᠤᠰ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠡᠯ᠎ᠡ ᠬᠦᠷᠢᠶᠡᠨ ᠤ ᠬᠠᠮᠲᠤᠷᠠᠯᠴᠠᠭᠠᠨ ᠤ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠶᠢᠨ ᠤᠯᠤᠰ ᠤᠳ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠠᠢ ᠭᠡᠵᠦ ᠦᠵᠡᠵᠡᠭᠡᠵᠤ᠂ ᠳᠤᠷᠠᠲᠠᠶ᠎ᠠ ᠦᠷᠭᠦᠯᠵᠢᠯᠡᠨ ᠬᠠᠮᠲᠤ ᠪᠠᠷ ᠴᠢᠷᠮᠠᠶᠢᠵᠤ ᠪᠠᠶᠢᠭᠠᠳ ᠠᠯᠳᠠᠨ ᠲᠣᠭᠤᠰᠬ᠎ᠠ ᠤᠯᠤᠰ ᠤᠳ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭᠠᠨ ᠤ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠬᠤ ᠶᠢ ᠠᠬᠢᠭᠤᠯᠦᠨ᠎ᠠ ᠭᠡᠪᠡ᠃ ᠲᠠᠪᠤᠨ ᠤᠯᠤᠰ ᠤᠨ ᠤᠳᠤᠷᠢᠳᠬᠤ ᠬᠦᠮᠦᠰ ᠪᠦᠬᠦ ᠲᠡᠯᠡᠭᠡᠢ ᠪᠠᠷ ᠢᠶᠠᠨ ᠪᠦᠯᠬᠦᠮᠳᠡᠵᠦ ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠠᠬᠢᠭᠤᠯᠵᠤ᠂ ᠸᠢᠷᠦ᠋ᠰ ᠤᠨ ᠡᠬᠢ ᠡᠭᠦᠰᠦᠯ ᠤᠨ ᠮᠦᠷᠳᠡᠯ ᠢ ᠤᠯᠤᠰ ᠲᠦᠷᠦᠴᠢᠯᠡᠬᠦ ᠶᠢ ᠡᠰᠡᠷᠭᠦᠴᠡᠵᠦ᠂ ᠳᠤᠷᠠᠲᠠᠶ᠎ᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠸᠠᠺᠼᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠤ ᠲᠥᠪ ᠭᠤᠣᠯᠴᠢ ᠪᠦᠭᠡᠳ ᠬᠦᠷᠦᠯᠴᠡᠬᠦ᠋ᠢᠴᠡ ᠪᠠᠶᠢᠬᠤ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠦᠴᠦᠲᠡᠢ ᠰᠡᠷᠭᠦᠯᠲᠡ ᠶᠢ ᠠᠬᠢᠭᠤᠯᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠭᠡᠵᠡᠭᠡᠪᠡ᠃ ᠡᠯ᠎ᠡ ᠲᠠᠯ᠎ᠠ ᠶᠢᠨ ᠬᠢᠨ ᠤᠯᠠᠨ ᠲᠠᠯᠠᠲᠤ ᠦᠵᠡᠯ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠲᠠᠮᠵᠢᠵᠦ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠢ ᠡᠰᠡᠷᠭᠦᠴᠡᠵᠦ᠂ ᠡᠯ᠎ᠡ ᠤᠯᠤᠰ ᠤᠨ ᠬᠢᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠤᠨ ᠡᠷᠬᠡ ᠲᠡᠭᠰᠢ ᠪᠠᠶᠢᠬᠤ ᠶᠢ ᠬᠠᠷᠢᠯᠴᠠᠨ ᠬᠦᠨᠳᠦᠳᠬᠡᠬᠦ ᠶᠢ ᠵᠣᠷᠢᠵᠤ᠂ ᠤᠯᠠᠨ ᠤᠯᠤᠰ ᠤᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠬᠦᠴᠦ ᠪᠠᠨ ᠬᠠᠮᠲᠤᠳᠬᠠᠨ ᠠᠷᠭᠠᠴᠠᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠲᠠᠬᠢᠨᠳᠠ ᠢᠯᠡᠷᠬᠡᠶᠢᠯᠡᠪᠡ᠃ ᠪᠷᠠᠽᠢᠯ᠂ ᠤᠷᠤᠰ᠂ ᠡᠨᠡᠳᠬᠡᠭ ᠪᠣᠯᠤᠨ ᠡᠮᠦᠨᠡᠲᠦ ᠠᠹᠷᠢᠺᠠ ᠲᠦᠷᠪᠡᠨ ᠤᠯᠤᠰ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠶᠢ ᠳᠡᠮᠵᠢᠵᠦ᠂ ᠳᠤᠮᠳᠠᠳᠤ ᠤᠯᠤᠰ ᠤᠨ 2022 ᠣᠨ ᠤ ᠠᠯᠳᠠᠨ ᠲᠣᠭᠤᠰᠬ᠎ᠠ ᠤᠯᠤᠰ ᠤᠳ ᠤᠨ ᠲᠡᠷᠢᠭᠦᠯᠡᠭᠴᠢ ᠤᠯᠤᠰ ᠤᠨ ᠠᠵᠢᠯ ᠢ ᠳᠡᠮᠵᠢᠬᠦ ᠪᠥᠭᠡᠳ ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠶᠢ ᠭᠤᠣᠯᠯᠠᠨ ᠡᠷᠬᠢᠯᠡᠬᠦ ᠶᠢ ᠲᠡᠮᠵᠢᠨ᠎ᠠ ᠭᠡᠵᠦ ᠢᠯᠡᠳᠭᠡᠪᠡ᠃      ᠲᠠᠪᠤᠨ ᠤᠯᠤᠰ ᠤᠨ ᠤᠳᠤᠷᠢᠳᠬᠤ ᠬᠥᠮᠦᠰ ᠪᠠᠰᠠ ᠠᠯᠳᠠᠨ ᠲᠣᠭᠤᠰᠬ᠎ᠠ ᠤᠯᠤᠰ ᠤᠳ ᠤᠨ ᠬᠤᠯᠪᠣᠭᠳᠠᠯ ᠪᠦᠬᠦᠢ ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠠᠢ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号