| ᠭᠤᠴᠢᠨ ᠲᠤᠯᠤᠲᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ | ᠶᠢᠨ ᠫᠢᠩ 9 ᠰᠠᠷ᠎ᠠ ᠶᠢᠨ 8 ᠤ ᠡᠳᠦᠷ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠠ | ᠮᠠᠶ᠋ᠢᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ | ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ ᠪᠠᠶᠠᠷ ᠤᠨ | ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠤᠸᠠᠩ ᠳ᠋ᠠ ᠨᠢᠶᠠᠨ ᠨᠥᠬᠦᠷ ᠢᠶᠠᠷ ᠳᠠᠭᠤᠷᠢᠶᠠᠯ ᠪᠣᠯᠭᠠᠵᠤ᠂ | ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠪᠦᠯᠬᠦᠮ ᠤᠨ ᠬᠦᠴᠦᠨ ᠢ ᠨᠢᠭᠲᠠᠷᠠᠭᠤᠯᠵᠤ᠂ ᠪᠢᠴᠢᠭ ᠵᠢᠭᠠᠵᠤ | ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠠᠶᠠᠷᠯᠠᠭᠤᠰᠢᠲᠠᠢ | ᠠᠮᠵᠢᠯᠲᠠ ᠣᠯᠤᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ᠂ ᠰᠠᠶᠢᠨ ᠪᠠᠭᠰᠢ ᠡᠷᠲᠡᠮ ᠮᠡᠲᠡᠯᠭᠡ ᠪᠠᠨ ᠲᠡᠭᠡᠭᠰᠢᠯᠡᠭᠦᠯᠤᠨ ᠬᠦᠮᠦᠨ ᠢ ᠰᠤᠷᠭᠠᠵᠦ᠂ ᠦᠢᠯᠡ | ᠠᠵᠢᠯᠯᠠᠭ᠎ᠠ ᠪᠠᠷ ᠢᠶᠠᠨ ᠬᠦᠮᠦᠰ ᠲᠤ ᠬᠡᠪ ᠳᠠᠭᠤᠷᠢᠶᠠᠯ ᠪᠤᠯᠬᠤ ᠭᠡᠷᠡᠭᠲᠡᠢ᠃ ᠲᠠ ᠨᠠᠷ ᠬᠤᠸᠠᠩ ᠳ᠋ᠠ ᠨᠢᠶᠠᠨ ᠨᠥᠬᠦᠷ ᠵᠡᠷᠭᠡ | ᠰᠢᠯᠢᠳᠡᠭ ᠪᠠᠭᠰᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠪᠠᠳᠠᠷᠠᠭᠤᠯᠵᠤ᠂ ᠪᠦᠬᠦ ᠤᠯᠤᠰ ᠤᠨ | ᠶᠡᠭᠡ ᠳᠡᠭᠡᠳᠦ ᠰᠤᠷᠭᠠᠭᠤᠯᠢ ᠶᠢᠨ ᠥᠷᠭᠡᠨ ᠤᠯᠠᠨ ᠪᠠᠭᠰᠢ ᠨᠠᠷ ᠲᠠᠢ ᠬᠠᠮᠲᠤ ᠪᠠᠷ ᠶᠣᠰᠣ ᠰᠤᠷᠲᠠᠬᠤᠨ ᠢᠶᠠᠷ ᠪᠡᠶ᠎ᠡ ᠪᠠᠨ | ᠵᠠᠰᠠᠵᠤ᠂ ᠨᠢᠬᠡᠨ ᠰᠡᠳᠬᠢᠯ ᠢᠶᠠᠷ ᠡᠷᠳᠡᠮ ᠰᠢᠨᠵᠢᠯᠡᠭᠡᠨ ᠬᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠲᠡᠮ ᠰᠢᠨᠵᠢᠯᠡᠬᠡᠨ | ᠬᠢᠬᠦ ᠤᠢᠢᠯᠡᠰ ᠪᠥᠲᠥᠬᠡᠬᠦ ᠬᠥᠮᠥᠨ ᠪᠤᠯᠬᠤ ᠶᠢ ᠨᠢᠭᠡᠳᠬᠡᠵᠦ᠂ ᠰᠤᠷᠤᠭᠴᠢᠳ ᠤᠨ ᠦᠰᠦᠨ ᠪᠤᠶᠢᠵᠢᠯᠳᠠ ᠶᠢᠨ ᠵᠠᠮᠴᠢ ᠪᠤᠯᠵᠤ᠂ | ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ | ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠨᠡᠶᠢᠭᠡᠮ ᠵᠢᠷᠤᠮᠳᠦ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠠᠰᠤᠷᠠᠯᠳᠠ ᠦᠭᠡᠢ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | 2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠢᠷᠢᠨ ᠶᠡᠭᠡ ᠰᠤᠷᠭᠠᠭᠤᠯᠢ ᠶᠢᠨ ᠳᠡᠯᠡᠬᠡᠢ ᠶᠢᠨ | ᠪᠥᠮᠪᠥᠷᠴᠡᠭ ᠢ ᠬᠠᠶᠢᠨ ᠬᠡᠮᠵᠢᠬᠦ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠬᠤᠸᠠᠩ ᠳ᠋ᠠ ᠨᠢᠶᠠᠨ ᠤ ᠲᠡᠷᠢᠭᠦᠨ ᠤ ᠦᠢᠯᠡ ᠠᠵᠢᠯᠯᠠᠭ᠎ᠠ ᠳᠤ ᠴᠢᠬᠤᠯᠠ ᠵᠢᠭᠠᠪᠤᠷᠢ ᠥᠭᠪᠡ᠃ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠰᠤᠷᠭᠠᠨ ᠬᠥᠮᠦᠵᠢᠯ ᠤᠨ ᠶᠠᠮᠤᠨ 2017 ᠣᠨ ᠳᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ | ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠢ ᠡᠭᠦᠲᠦᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ | ᠲᠦᠷᠦᠭᠦᠦ ᠪᠦᠯᠦᠭ ᠤᠨ ᠬᠢᠨᠡᠨ ᠲᠣᠭᠲᠠᠭᠠᠭᠰᠠᠨ 201 ᠪᠠᠭᠰᠢ ᠶᠢᠨ ᠪᠦᠯᠬᠦᠮ ᠨᠢ ᠪᠥᠬᠦ ᠤᠯᠤᠰ ᠤᠨ 200 ᠶᠡᠭᠡ | ᠳᠡᠭᠡᠳᠦ ᠰᠤᠷᠭᠠᠭᠤᠯᠢ ᠪᠠᠷ ᠲᠥᠬᠡᠵᠥ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠲᠥᠷᠥᠯ ᠵᠦᠢᠯ ᠪᠠ ᠵᠡᠭᠦᠨ ᠳᠤᠮᠳᠠ ᠪᠠᠷᠠᠭᠤᠨ | ᠤᠷᠤᠨ ᠤ ᠡᠯ᠎ᠡ ᠮᠤᠵᠢ ᠶᠢ ᠬᠠᠮᠤᠷᠤᠭᠰᠠᠨ ᠪᠠᠶᠢᠨ᠎ᠠ᠃ ᠣᠶᠢᠷ᠎ᠠ ᠳᠤ᠂ ᠲᠦᠷᠦᠭᠦᠦ ᠪᠦᠯᠦᠭ ᠤᠨ ᠪᠠᠭᠰᠢ ᠶᠢᠨ ᠪᠦᠯᠬᠦᠮ ᠤᠨ | ᠲᠥᠯᠥᠭᠡᠯᠡᠭᠴᠢ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ | ᠰᠤᠳᠤᠯᠭᠠᠨ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠤᠷᠭᠠᠨ ᠬᠥᠮᠦᠵᠢᠯ ᠢᠶᠠᠷ ᠤᠯᠤᠰ ᠲᠠᠭᠠᠨ ᠵᠢᠳᠬᠦᠬᠦ | ᠬᠦᠰᠡᠯᠡᠩ ᠢᠶᠠᠨ ᠪᠠᠲᠤ ᠰᠠᠬᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠡᠷᠴᠢ | ᠵᠣᠷᠢᠭ ᠢᠶᠠᠨ ᠢᠯᠡᠳᠬᠡᠭᠰᠡᠨ ᠪᠠᠶᠢᠨ᠎ᠠ᠃ | |