| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ | ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠳᠤ | ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠂ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠪᠣᠯ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠵᠠᠮ ᠪᠣᠯᠤᠨ᠎ᠠ᠃ ᠣᠳᠣᠬᠠᠨ ᠳᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠠᠮᠤ ᠪᠤᠳᠠᠭᠠᠨ ᠤ | ᠠᠮᠤᠷ ᠲᠦᠪᠰᠢᠨ ᠥᠷᠢᠰᠥᠯᠳᠦᠭᠡᠨ ᠳᠤ ᠲᠤᠯᠭᠠᠷᠠᠵᠤ ᠪᠤᠢ᠂ ᠳᠡᠯᠡᠬᠡᠢ ᠶᠢᠨ ᠡᠯ᠎ᠡ ᠤᠯᠤᠰ ᠲᠦᠷᠭᠡᠨ ᠬᠥᠳᠡᠯᠦᠯᠴᠡᠵᠦ᠂ | ᠳᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠦᠨᠡᠨ ᠬᠦ ᠪᠠᠭᠠᠰᠬᠠᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ | ᠬᠤᠷᠠᠯᠳᠤᠭᠤᠯᠤᠭᠰᠠᠨ ᠪᠣᠯ ᠳᠤᠮᠳᠠᠳᠤ ᠶᠢᠨ ᠲᠠᠯ᠎ᠠ ᠶᠢᠨ ᠨᠢᠳᠤᠨᠤᠨ ᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ | ᠬᠥᠮᠦᠰ ᠤᠨ ᠠᠷᠪᠠᠨ ᠲᠠᠪᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠳᠤᠷᠠᠳᠤᠭᠰᠠᠨ ᠰᠠᠨᠠᠭᠠᠴᠢᠯᠠᠭ᠎ᠠ | ᠪᠣᠯᠤᠨ᠎ᠠ᠃ ᠡᠯ᠎ᠡ ᠲᠠᠯ᠎ᠠ ᠶᠢᠨ ᠬᠢᠨ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠠᠷ | ᠬᠤᠯᠪᠣᠯᠴᠠᠨ ᠬᠠᠮᠲᠤᠷᠠᠯᠴᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ | ᠨᠠᠶᠢᠳᠠᠪᠤᠷᠢᠵᠢᠭᠤᠯᠵᠤ᠂ ᠥᠯᠥᠰᠬᠦᠯᠡᠩ ᠦᠭᠡᠢ᠂ ᠶᠠᠳᠠᠭᠤᠷᠠᠯ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ | ᠴᠢᠳᠠᠯ ᠢᠶᠠᠨ ᠡᠷᠭᠦᠵᠦ᠂ ᠳᠡᠯᠡᠬᠡᠢ ᠶᠢᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ | ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠲᠤᠬᠠᠶ ᠶᠢᠨ ᠡᠳᠦᠷ ᠱᠠᠨᠳᠦ᠋ᠩ | ᠮᠤᠵᠢ ᠶᠢᠨ ᠵᠢᠨᠠᠨ ᠬᠤᠲᠠ ᠳᠤ ᠡᠬᠢᠯᠡᠵᠠᠢ᠃ ︽ᠠᠮᠤ ᠪᠤᠳᠠᠭᠠᠨ ᠤ ᠬᠤᠷᠣᠭᠳᠠᠭᠤᠯᠤᠯ ᠪᠥᠷᠢᠯᠬᠡᠯ ᠢ ᠪᠠᠭᠠᠰᠬᠠᠵᠤ᠂ | ᠳᠡᠯᠡᠬᠡᠶ ᠶᠢᠨ ᠠᠮᠤ ᠪᠤᠳᠠᠭᠠᠨ ᠤ ᠠᠮᠤᠷ ᠲᠦᠪᠰᠢᠨ ᠢ ᠠᠬᠢᠭᠤᠯᠤᠶ᠎ᠠ︾ ᠬᠡᠬᠦ ᠪᠠᠷ ᠭᠤᠤᠯ ᠰᠡᠳᠦᠪ ᠪᠣᠯᠭᠠᠵᠤ᠂ ᠬᠥᠳᠡᠭᠡ ᠠᠵᠤ | ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ | ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ | ᠬᠠᠮᠲᠤ ᠪᠠᠷ ᠡᠷᠭᠢᠯᠡᠪᠡ᠃ |