ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ | ᠫᠢᠩ 9 ᠰᠠᠷ᠎ᠠ ᠶᠢᠨ 10 ᠤ ᠦᠳᠡ ᠶᠢᠨ ᠡᠮᠦᠨ᠎ᠡ ᠪᠤᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠤᠲᠠᠰᠤ ᠪᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ ᠬᠤᠶᠠᠷ ᠲᠠᠯ᠎ᠠ ᠶᠢᠨ ᠠᠩᠬᠠᠷᠴᠤ ᠪᠠᠶᠢᠭ᠎ᠠ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠨᠡᠨᠴᠢ᠂ ᠭᠦᠨᠵᠡᠭᠡᠢ᠂ ᠥᠷᠭᠡᠨ ᠳᠡᠯᠭᠡᠷ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠤᠯᠤᠯᠴᠠᠭ᠎ᠠ ᠪᠠ ᠰᠣᠯᠢᠯᠴᠠᠭ᠎ᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠠᠶᠤᠯᠳᠤ ᠰᠠᠯᠬᠢ ︽ᠠᠶᠢᠳᠠ︾ ᠠᠮᠧᠷᠢᠺᠠ ᠶᠢᠨ ᠤᠯᠠᠨ ᠭᠠᠵᠠᠷ ᠲᠤ ᠬᠥᠮᠦᠨ | ᠬᠠᠷ᠎ᠠ ᠶᠢ ᠠᠲᠡᠬᠦᠯᠵᠥ ᠰᠢᠷᠬᠠᠳᠤᠭᠤᠯᠤᠭᠰᠠᠨ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠳᠤ ᠪᠠᠶᠢᠳᠧᠨ ᠪᠣᠯᠤᠨ | ᠠᠮᠧᠷᠢᠺᠠ ᠶᠢᠨ ᠠᠷᠠᠳ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠪᠠᠶᠢᠳᠧᠨ ᠡᠭᠦᠨ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠬᠡᠰᠡᠭ ᠬᠤᠭᠤᠴᠠᠭᠠᠨ ᠤ ᠲᠤᠷᠰᠢ᠂ ᠠᠮᠧᠷᠢᠺᠠ ᠶᠢᠨ ᠳᠤᠮᠳᠠᠳᠤ ᠤᠯᠤᠰ ᠲᠤ ᠬᠠᠨᠳᠤᠭᠤᠯᠤᠭᠰᠠᠨ | ᠲᠦᠷᠦ ᠶᠢᠨ ᠪᠤᠳᠤᠯᠭ᠎ᠠ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠤᠯᠵᠠᠢ | ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠤᠨ ᠳᠡᠯᠡᠬᠡᠢ ᠶᠢᠨ ᠡᠯ᠎ᠡ ᠤᠯᠤᠰ ᠤᠨ | ᠬᠠᠮᠲᠤ ᠶᠢᠨ ᠠᠰᠢᠭ ᠲᠤᠰᠠ ᠲᠠᠢ ᠨᠡᠶᠢᠴᠡᠬᠦ ᠦᠭᠡᠢ ᠶᠤᠮ᠃ ᠳᠤᠮᠳᠠᠳᠤ ᠠᠮᠧᠷᠢᠺᠠ ᠪᠣᠯ ᠲᠤᠰ ᠲᠤᠰ ᠬᠠᠮᠤᠭ ᠤᠨ ᠶᠡᠭᠡ | ᠬᠥᠭᠵᠢᠵᠦ ᠪᠠᠶᠢᠭ᠎ᠠ ᠤᠯᠤᠰ ᠪᠠ ᠬᠠᠮᠤᠭ ᠤᠨ ᠶᠡᠭᠡ ᠬᠥᠭᠵᠢᠭᠰᠡᠨ ᠤᠯᠤᠰ ᠮᠥᠨ᠂ ᠳᠤᠮᠳᠠᠳᠤ ᠠᠮᠧᠷᠢᠺᠠ ᠬᠠᠷᠢᠯᠴᠠᠭ᠎ᠠ ᠪᠠᠨ | ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ ᠨᠢ ᠳᠡᠯᠡᠬᠡᠢ ᠶᠢᠨ ᠢᠷᠡᠭᠡᠳᠦᠢ ᠶᠢᠨ ᠬᠤᠪᠢ ᠵᠠᠶᠠᠭ᠎ᠠ ᠲᠠᠢ ᠬᠤᠯᠪᠣᠭᠳᠠᠵᠤ᠂ | ᠬᠤᠶᠠᠷ ᠤᠯᠤᠰ ᠤᠨ ᠡᠷᠬᠡᠪᠰᠢ ᠰᠠᠶᠢᠲᠤᠷ ᠬᠠᠷᠢᠭᠤᠯᠬᠤ ᠴᠢᠬᠤᠯᠠᠳᠠᠢ ᠡᠷᠢᠨ ᠵᠠᠭᠤᠨ ᠤ ᠠᠰᠠᠭᠤᠯᠲᠠ ᠪᠣᠯᠤᠨ᠎ᠠ᠃ ᠳᠤᠮᠳᠠᠳᠤ | ᠠᠮᠧᠷᠢᠺᠠ ᠬᠠᠮᠲᠤᠷᠠᠯᠴᠠᠪᠠᠯ ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠴᠥᠮ ᠠᠰᠢᠭ ᠬᠦᠷᠳᠡᠨ᠎ᠠ︔ ᠳᠤᠮᠳᠠᠳᠤ ᠠᠮᠧᠷᠢᠺᠠ | ᠡᠰᠡᠷᠭᠦᠴᠡᠯᠳᠦᠪᠡᠯ᠂ ᠬᠤᠶᠠᠷ ᠤᠯᠤᠰ ᠪᠠ ᠳᠡᠯᠡᠬᠡᠢ ᠶᠢᠷᠲᠢᠨᠴᠦ ᠴᠥᠮ ᠠᠶᠤᠯ ᠵᠤᠪᠠᠯᠠᠩ ᠳᠤ ᠤᠴᠠᠷᠠᠬᠤ ᠪᠣᠯᠤᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠰᠠᠶᠢᠨ ᠪᠤᠯᠭᠠᠬᠤ ᠡᠰᠡᠬᠦ ᠶᠢᠨ ᠰᠣᠩᠭᠤᠯᠲᠠ ᠶᠢᠨ ᠰᠡᠳᠦᠪ ᠪᠢᠰᠢ᠂ ᠬᠠᠷᠢᠨ | ᠬᠡᠷᠬᠢᠨ ᠰᠠᠶᠢᠨ ᠪᠤᠯᠭᠠᠬᠤ ᠪᠤᠢ ᠭᠡᠰᠡᠨ ᠵᠠᠪᠠᠯ ᠬᠠᠷᠢᠭᠤᠯᠬᠤ ᠰᠡᠳᠦᠪ ᠮᠥᠨ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠰᠢᠯᠦᠭ ᠲᠤ᠄ ︽ᠠᠭᠤᠯᠠ ᠳᠠᠪᠬᠤᠷᠯᠠᠨ ᠤᠰᠤ ᠬᠦᠨᠳᠡᠯᠢᠰᠦᠨ | ᠵᠠᠮ ᠮᠤᠬᠤᠷᠳᠠᠪᠠᠦ ᠬᠡᠮᠡᠳᠡᠯ᠎ᠡ᠂ ᠤᠳᠠ ᠬᠥᠬᠡᠷᠡᠨ ᠴᠡᠴᠡᠭ ᠤᠯᠠᠯᠵᠠᠵᠤ ᠨᠢᠭᠡᠨ ᠲᠣᠰᠬᠤ ᠬᠠᠷᠠᠭᠳᠠᠪᠠᠢ︾ ᠬᠡᠲᠡᠭ᠃ | ᠳᠤᠮᠳᠠᠳᠤ ᠠᠮᠧᠷᠢᠺᠠ 1971 ᠣᠨ ᠳᠤ ᠬᠤᠶᠠᠷ ᠲᠠᠯ᠎ᠠ ᠶᠢᠨ ᠬᠠᠷᠢᠯᠴᠠᠭ᠎ᠠ ᠰᠠᠶᠢᠵᠢᠷᠠᠭᠰᠠᠨ ᠠᠴᠠ ᠨᠠᠭᠠᠰᠢ᠂ ᠭᠠᠷ ᠬᠤᠯᠪᠣᠨ | ᠬᠠᠮᠲᠤᠷᠠᠯᠴᠠᠵᠤ᠂ ᠡᠯ᠎ᠡ ᠤᠯᠤᠰ ᠲᠤ ᠦᠨᠡᠨ ᠪᠣᠳᠠᠲᠠᠢ ᠠᠰᠢᠭ ᠬᠦᠷᠲᠡᠭᠡᠪᠡ᠃ ᠣᠳᠣᠬᠠᠨ ᠳᠤ᠂ ᠳᠡᠯᠡᠬᠡᠢ ᠨᠡᠶᠢᠭᠡᠮ ᠳᠤ | ᠮᠠᠰᠢ ᠤᠯᠠᠨ ᠬᠠᠮᠲᠤ ᠶᠢᠨ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠂ ᠳᠤᠮᠳᠠᠳᠤ ᠠᠮᠧᠷᠢᠺᠠ ᠲᠤᠮᠤ ᠪᠠᠶᠢᠷᠢᠰᠢᠯ ᠢ | ᠢᠯᠡᠷᠡᠭᠦᠯᠵᠦ᠂ ᠶᠡᠭᠡ ᠡᠭᠦᠷᠭᠡᠯᠡᠯ ᠢ ᠡᠭᠦᠷᠭᠡᠯᠡᠵᠦ᠂ ᠤᠷᠤᠭᠰᠢ ᠪᠠᠨ ᠬᠠᠷᠠᠵᠤ ᠤᠷᠤᠬᠰᠢᠯᠡᠨ ᠶᠠᠪᠤᠬᠤ ᠶᠢ ᠪᠠᠷᠢᠮᠲᠠᠯᠠᠵᠤ᠂ | ᠪᠠᠶᠢᠯᠳᠤᠬᠤ ᠪᠤᠳᠤᠯᠭ᠎ᠠ ᠪᠠ ᠤᠯᠤᠰ ᠲᠦᠷᠦ ᠶᠢᠨ ᠰᠥᠰᠥ ᠵᠤᠷᠢᠬ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ | ᠲᠣᠭᠲᠠᠭᠤᠨ ᠬᠥᠭᠵᠢᠯᠲᠡ ᠶᠢᠨ ᠵᠥᠪ ᠵᠠᠮ ᠳᠤ ᠲᠦᠷᠭᠡᠨ ᠪᠤᠴᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ | ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠤ | ᠴᠢᠬᠤᠯᠠᠴᠢᠯᠠᠵᠠᠢ᠃ | ᠰᠢ ᠶᠢᠨ ᠫᠢᠩ ᠠᠭᠤᠷ ᠠᠮᠢᠰᠬᠤᠯ ᠤᠨ ᠬᠤᠪᠢᠷᠠᠯᠲᠠ ᠵᠡᠷᠭᠡ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ | ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠥᠪᠡᠷ ᠤᠨ | ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠭᠡᠷ ᠢᠷᠡᠪᠡ᠃ ᠵᠥᠷᠢᠯᠳᠦᠭᠡᠨ ᠢᠶᠠᠨ ᠬᠠᠷᠢᠯᠴᠠᠨ ᠭᠤᠤᠯᠯᠠᠨ ᠠᠩᠬᠠᠷᠴᠤ᠂ ᠲᠣᠬᠢᠲᠠᠶ | ᠬᠠᠮᠢᠶᠠᠷᠤᠨ ᠡᠵᠡᠮᠳᠡᠬᠦ ᠶᠢ ᠬᠦᠨᠳᠦᠳᠭᠡᠭᠰᠡᠨ ᠰᠠᠭᠤᠷᠢᠨ ᠳᠡᠭᠡᠷ᠎ᠡ᠂ ᠬᠤᠶᠠᠷ ᠤᠯᠤᠰ ᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠦᠷᠭᠦᠯᠵᠢᠯᠡᠨ ᠶᠠᠷᠢᠯᠴᠠᠭ᠎ᠠ ᠬᠢᠵᠦ᠂ ᠠᠭᠤᠷ ᠠᠮᠢᠰᠬᠤᠯ ᠤᠨ ᠬᠤᠪᠢᠷᠠᠯᠲᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠰᠡᠷᠭᠦᠯᠲᠡ ᠵᠢᠴᠢ ᠳᠡᠯᠡᠬᠡᠶ ᠶᠢᠨ ᠪᠠ ᠭᠠᠵᠠᠷ ᠣᠷᠣᠨ ᠤ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠠᠬᠢᠭᠤᠯᠬᠤ ᠶᠢᠨ ᠬᠠᠮᠲᠤ ᠨᠠᠩ ᠣᠯᠠᠨ | ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠤᠶᠠᠷ ᠤᠯᠤᠰ ᠤᠨ ᠬᠠᠷᠢᠯᠴᠠᠭ᠎ᠠ ᠳᠤ ᠨᠠᠩ ᠣᠯᠠᠨ ᠢᠳᠡᠪᠬᠢᠲᠡᠶ | ᠬᠦᠴᠦᠨ ᠵᠦᠢᠯ ᠨᠡᠮᠡᠷᠢᠯᠡᠵᠦ ᠪᠣᠯᠤᠨ᠎ᠠ ᠭᠡᠵᠤ ᠴᠢᠬᠤᠯᠠᠴᠢᠯᠠᠵᠠᠢ᠃ | ᠪᠠᠶᠢᠳᠧᠨ᠂ ᠳᠡᠯᠡᠬᠡᠢ ᠳ᠋ᠡᠬᠢᠨ ᠶᠠᠭ ᠲᠦᠷᠭᠡᠨ ᠬᠤᠪᠢᠷᠠᠯᠲᠠ ᠶᠢ ᠥᠩᠭᠡᠷᠡᠭᠡᠵᠦ ᠪᠤᠢ᠂ ᠠᠮᠧᠷᠢᠺᠠ ᠳᠤᠮᠳᠠᠳᠤ ᠶᠢᠨ | ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠨ᠎ᠠ᠂ ᠠᠮᠧᠷᠢᠺᠠ | ᠳᠤᠮᠳᠠᠳᠤ ᠬᠡᠷᠬᠢᠨ ᠬᠠᠮᠲᠤᠷᠠᠯᠴᠠᠨ ᠶᠠᠪᠤᠯᠴᠠᠬᠤ ᠨᠢ ᠶᠡᠭᠡ ᠬᠡᠮᠵᠢᠶᠠᠨ ᠲᠡᠭᠡᠷ᠎ᠡ ᠳᠡᠯᠡᠬᠡᠢ ᠶᠢᠨ ᠢᠷᠡᠭᠡᠳᠦᠢ ᠶᠢ ᠨᠦᠯᠦᠭᠡᠯᠡᠨ᠎ᠠ᠃ | ᠬᠤᠶᠠᠷ ᠤᠯᠤᠰ ᠥᠷᠢᠰᠥᠯᠳᠦᠭᠡᠨ ᠠᠴᠠ ᠪᠣᠯᠵᠤ ᠮᠥᠷᠭᠦᠯᠳᠦᠭᠡᠨ ᠤ ᠪᠠᠶᠢᠳᠠᠯ ᠳᠤ ᠣᠷᠣᠬᠤ ᠰᠢᠯᠲᠠᠭᠠᠨ ᠦᠭᠡᠢ᠃ | ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠶᠠᠷᠦ ᠠᠴᠠ ᠬᠤᠪᠢᠷᠠᠭᠤᠯᠬᠤ | ᠰᠠᠨᠠᠭ᠎ᠠ ᠦᠭᠡᠢ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠡᠩ ᠤᠯᠠᠨ ᠦᠨᠡᠨᠴᠢ ᠰᠣᠯᠢᠯᠴᠠᠭ᠎ᠠ | ᠪᠣᠯᠤᠨ ᠪᠦᠲᠦᠭᠡᠯᠴᠢ ᠴᠢᠨᠠᠷᠲᠠᠢ ᠶᠠᠷᠢᠯᠴᠠᠭ᠎ᠠ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠵᠤ | ᠪᠤᠯᠬᠤ ᠭᠤᠣᠯᠳᠠᠯᠭ᠎ᠠ ᠪᠣᠯᠤᠨ ᠤᠷᠢᠳ ᠢᠶᠠᠷ ᠪᠣᠳᠣᠯᠬᠢᠯᠠᠬᠤ ᠬᠦᠷᠢᠶ᠎ᠡ ᠶᠢ ᠲᠣᠭᠲᠠᠭᠠᠵᠤ᠂ ᠪᠤᠷᠤᠭᠤ ᠣᠶᠢᠯᠠᠭᠠᠯᠲᠠ ᠪᠤᠷᠤᠭᠤ | ᠮᠠᠭᠠᠳᠯᠠᠯᠲᠠ ᠪᠣᠯᠤᠨ ᠰᠠᠨᠠᠭᠠᠨ ᠳᠤ ᠦᠭᠡᠢ ᠮᠥᠷᠭᠦᠯᠳᠦᠭᠡᠨ ᠡᠬᠦᠰᠬᠦ ᠠᠴᠠ ᠵᠠᠶᠢᠯᠠᠰᠬᠢᠵᠦ᠂ ᠠᠮᠧᠷᠢᠺᠠ ᠳᠤᠮᠳᠠᠳᠤ ᠶᠢᠨ | ᠬᠠᠷᠢᠯᠴᠠᠭ᠎ᠠ ᠶᠢᠨ ᠲᠠᠬᠢᠨ ᠵᠥᠪ ᠵᠠᠮ ᠳᠤ ᠣᠷᠣᠬᠤ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ | ᠠᠭᠤᠷ ᠠᠮᠢᠰᠬᠤᠯ ᠤᠨ ᠬᠤᠪᠢᠷᠠᠯᠲᠠ ᠵᠡᠷᠭᠡ ᠴᠢᠬᠤᠯᠠ ᠠᠰᠠᠭᠤᠳᠠᠯ ᠤᠨ ᠲᠤᠬᠠᠢ ᠤᠯᠤᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠨᠡᠩ ᠤᠯᠠᠨ ᠬᠠᠮᠲᠤ ᠶᠢᠨ ᠲᠠᠨᠢᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ᠂ ᠳᠤᠮᠳᠠᠳᠤ ᠠᠮᠧᠷᠢᠺᠠ ᠶᠢᠨ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠪᠣᠯᠤᠨ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠬᠤ ᠨᠢ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢᠨ ᠵᠥᠪ ᠬᠥᠭᠵᠢᠯᠲᠡ ᠶᠢ ᠬᠦᠳᠦᠯᠥᠨ ᠳᠠᠭᠠᠭᠤᠯᠬᠤ ᠳᠤ ᠲᠦᠢᠯ ᠤᠨ ᠴᠢᠬᠤᠯᠠ ᠶᠤᠮ ᠭᠡᠵᠦ | ᠰᠠᠨᠠᠯ ᠨᠢᠭᠡᠲᠡᠢ ᠦᠵᠡᠵᠦ᠂ ᠦᠷᠭᠦᠯᠵᠢᠯᠡᠨ ᠤᠯᠠᠨ ᠵᠦᠢᠯ ᠤᠨ ᠬᠡᠯᠪᠡᠷᠢ ᠪᠠᠷ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ | ᠪᠠᠲᠤᠯᠠᠬᠤ ᠶᠢ ᠵᠥᠪᠰᠢᠶᠡᠷᠡᠵᠦ᠂ ᠬᠤᠶᠠᠷ ᠲᠠᠯ᠎ᠠ ᠶᠢᠨ ᠠᠵᠢᠯ ᠤᠨ ᠳᠠᠪᠬᠤᠷᠭ᠎ᠠ ᠶᠢᠨ ᠬᠢᠨ ᠱᠠᠯᠠᠪᠳᠠᠨ ᠠᠵᠢᠯᠯᠠᠵᠤ᠂ | ᠥᠷᠭᠡᠨ ᠢᠶᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠤᠷᠤᠬᠰᠢ ᠬᠥᠭᠵᠢᠬᠦ ᠳᠤ ᠨᠥᠬᠦᠴᠡᠯ | ᠪᠦᠷᠢᠯᠳᠦᠭᠦᠯᠵᠦ ᠥᠭᠬᠦ ᠶᠢ ᠲᠠᠭᠠᠭᠠᠯᠭᠠᠪᠠ᠃ | |