| | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ ᠳᠤᠮᠳᠠᠳᠤ ᠤᠯᠤᠰ— | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ | ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ | ᠶᠡᠷᠢᠯᠴᠠᠭ᠎ᠠ ᠬᠢᠬᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠶᠢᠨ ᠪᠥᠬᠦ ᠲᠠᠯ᠎ᠠ ᠶᠢᠨ | ᠬᠠᠮᠲᠤᠷᠠᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠬᠠᠷᠢᠯᠴᠠᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠣᠯᠵᠣ᠂ | ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠪᠦᠰᠡ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ ᠬᠠᠮᠲᠤᠷᠠᠯᠴᠠᠭ᠎ᠠ | ᠪᠣᠯᠵᠠᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠬᠤᠶᠠᠷ | ᠲᠠᠯ᠎ᠠ ᠪᠠᠷ ᠢᠶᠠᠨ ᠭᠠᠷ ᠬᠤᠯᠪᠣᠨ ᠬᠢᠵᠢᠭ ᠲᠠᠢ ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ | ᠬᠤᠪᠢ ᠵᠠᠶᠠᠭᠠᠨ ᠤ ᠬᠠᠮᠲᠤ ᠴᠣᠭᠴᠠ ᠶᠢᠨ ᠵᠣᠷᠢᠭ ᠰᠠᠨᠠᠭ᠎ᠠ ᠶᠢ ᠬᠠᠷᠠᠭᠤᠯᠤᠬᠰᠡᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ᠂ ᠠᠷᠪᠠᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ — | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ ᠳᠤᠮᠳᠠᠳᠤ | ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ | ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠢ ᠳᠤᠮᠳᠠᠳᠤ ᠤᠯᠤᠰ — | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠲᠤᠬᠠᠢ 4 ᠲᠠᠯ᠎ᠠ ᠶᠢᠨ ᠰᠠᠨᠠᠭᠠᠴᠢᠯᠠᠭ᠎ᠠ ᠳᠤᠷᠠᠳᠴᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠤᠯᠤᠰ ᠤᠳ ᠤᠨ ᠢᠳᠡᠪᠬᠢᠲᠡᠢ ᠲᠤᠰᠬᠠᠯ ᠢ ᠣᠯᠵᠤ᠂ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭ᠎ᠠ | ᠶᠠᠭ ᠦᠷᠭᠦᠯᠵᠢᠯᠡᠨ ᠠᠬᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ | ᠬᠢᠵᠢᠭ ᠲᠠᠢ ᠲᠡᠮᠡᠴᠡᠬᠦ᠂ ᠠᠵᠤ ᠠᠬᠤᠢ ᠠᠷᠠᠯᠵᠢᠶ᠎ᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠡᠷᠲᠡ ᠡᠳᠤᠷ | ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠳᠦᠭᠡᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ | ᠪᠠᠶᠢᠭᠤᠯᠵᠤ᠂ ᠲᠤᠰ ᠭᠠᠵᠠᠷ ᠣᠷᠣᠨ ᠤ ᠪᠠᠨ ᠴᠡᠴᠡᠭᠯᠡᠨ ᠬᠦᠭᠵᠢᠬᠦ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ | ᠭᠡᠵᠦ ᠴᠢᠬᠤᠯᠠᠴᠢᠯᠠᠪᠠ᠃ | ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ ᠣᠷᠣᠭᠤᠯᠤᠯᠲᠠ ᠶᠢᠨ ᠲᠦᠷᠦᠭᠦᠴᠦᠳ ᠤᠨ | ᠬᠤᠷᠠᠯ ᠲᠤᠰ ᠡᠳᠦᠷ ᠭᠤᠸᠠᠩᠰᠢ ᠶᠢᠨ ᠨᠠᠨᠨᠢᠩ ᠳᠤ ᠡᠬᠢᠯᠡᠵᠤ᠂ ︽ᠡᠬᠡ ᠬᠠᠭᠤᠷᠠᠢ ᠪᠠ ᠲᠠᠯᠠᠢ ᠲᠠᠩᠬᠢᠰ ᠤᠨ ᠰᠢᠨ᠎ᠡ ᠵᠠᠮ | ᠰᠢᠨ᠎ᠡ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠠᠷ ᠭᠤᠣᠯ | ᠰᠡᠳᠦᠪ ᠪᠤᠯᠭᠠᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ 10 ᠤᠯᠤᠰ ᠤᠨ ᠵᠠᠰᠠᠭ ᠤᠨ ᠣᠷᠳᠣᠨ ᠤ ᠠᠵᠤ ᠠᠬᠤᠢ ᠠᠷᠠᠯᠵᠢᠶᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ | ᠭᠠᠵᠠᠷ ᠠᠴᠠ ᠬᠠᠮᠲᠤ ᠪᠠᠷ ᠭᠤᠣᠯᠯᠠᠨ ᠡᠷᠬᠢᠯᠡᠪᠡ᠃ | |