ᠯᠢᠦ ᡁᠢ ᠫᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 163 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
           9 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 163 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠭᠡᠷ ᠤᠨ ︽︿ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠲᠤᠰᠬᠠᠶ ᠵᠦᠢᠯ ᠤᠨ ᠰᠢᠪᠠᠳᠠᠨ ᠪᠠᠶᠢᠴᠠᠭᠠᠯᠲᠠ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ﹀ ᠶᠢ ᠬᠠᠷᠢᠴᠠᠭᠤᠯᠤᠨ ᠪᠠᠶᠢᠴᠠᠭᠠᠬᠤ ᠪᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠲᠤᠬᠠᠶ ᠲᠤᠰᠬᠠᠭᠰᠠᠨ ᠠᠰᠠᠭᠤᠳᠠᠯ ᠤᠨ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠱᠢ ᠲᠠᠢ ᠹᠧᠩ ᠨᠥᠬᠦᠷ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠡᠷᠢᠶᠡᠨ ᠬᠤᠲᠠ ᠶᠢᠨ ︿ᠤᠢ ᠰᠢᠭᠤᠢ ᠶᠢᠨ ᠳᠠᠷᠤᠭ᠎ᠠ ᠶᠢᠨ ᠳᠦᠷᠢᠮ﹀ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠶᠠᠷᠢᠯᠴᠠᠵᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠶᠠᠩ ᠶᠢᠨ ᠷᠦᠢ᠂ ᠾᠧᠦ ᠶᠠᠨ ᠮᠢᠨ᠂ ᠤᠯᠠᠭᠠᠨ ᠂ ᠵᠠᠩ ᠶᠢᠩ ᠵᠢᠶᠧ᠂ ᠭᠧᠩ ᡁᠢ ᠵᠢᠶᠦ᠋ᠨ᠂  ᠮᠦᠸᠧ ᠬᠤᠩ ᠵᠢᠶᠦ᠋ᠨ᠂ ᠴᠧᠨ ᠢᠦᠶ ᠴᠧᠩ᠂ ᠵᠠᠩ ᠺᠠᠶ ᠳ᠋ᠦᠩ᠂ ᠵᠠᠩ ᠯᠢ ᠴᠧᠩ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠬᠤᠩ ᠵᠢᠴᠢ ᠬᠤᠲᠠ ᠶᠢᠨ ᠪᠤᠰᠤᠳ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃
   ᠬᠤᠷᠠᠯ ᠤᠨ ᠠᠬᠤᠶ ᠲᠠᠯᠠᠪᠠᠢ
   ᠯᠢᠦ ᡁᠢ ᠫᠢᠩ ᠶᠠᠷᠢᠶ᠎ᠠ ᠲᠠᠯᠪᠢᠵᠠᠢ        ᠯᠢᠦ ᡁᠢ ᠫᠢᠩ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠨᠢ ᠪᠣᠭᠤᠮᠲᠠ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ ᠳᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠬᠠᠩᠭᠠᠵᠠᠢ᠃ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠡᠩ ᠥᠨᠳᠥᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠰᠡᠳᠬᠢᠯᠭᠡ ᠶᠢᠨ ᠮᠡᠳᠡᠷᠡᠮᠵᠢ ᠶᠢ ᠴᠢᠩᠭᠠᠳᠬᠠᠵᠤ᠂ ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠳᠠᠶᠢᠴᠢᠯᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ ᠲᠠᠢ ᠪᠣᠯᠭᠠᠨ᠎ᠠ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠲᠤᠰ ᠪᠡᠶ᠎ᠡ ᠶᠢᠨ ᠰᠡᠳᠬᠢᠬᠦᠢ ᠶᠢᠨ ᠠᠷᠭ᠎ᠠ ᠬᠡᠯᠪᠡᠷᠢ ᠪᠠ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠪᠠᠶᠢᠴᠠᠭᠠᠨ ᠦᠵᠡᠬᠦ ᠬᠡᠮᠵᠢᠭᠦᠷ ᠪᠣᠯᠭᠠᠵᠤ᠂ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠠᠢ ᠬᠦᠴᠦᠨ ᠢ ᠪᠠᠳᠠᠷᠠᠭᠤᠯᠵᠤ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠴᠢᠳᠠᠪᠤᠷᠢ ᠪᠠᠨ ᠳᠡᠭᠡᠭᠰᠢᠯᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ ᠳᠤ ᠨᠡᠩ ᠰᠠᠶᠢᠲᠤᠷ ᠲᠤᠤᠱᠯᠠᠭᠤᠯᠬᠤ ᠬᠡᠷᠡᠭᠲᠡᠢ᠃        ᠯᠢᠦ ᡁᠢ ᠫᠢᠩ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠦᠢᠯᠡᠳᠦᠯᠭᠡ ᠮᠥᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠠᠮᠢ ᠠᠬᠤᠢ ᠶᠢᠨ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠬᠦ ᠴᠢᠬᠤᠯᠠ ᠶᠡᠭᠡ ᠳᠦᠷᠢᠮ ᠤᠨ ᠰᠢᠨ᠎ᠡ ᠡᠭᠦᠳᠦᠯᠲᠡ ᠮᠥᠨ᠃ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠯᠠᠪᠳᠠᠭᠤᠨ ᠢᠶᠠᠷ ᠳᠥᠯᠭᠢᠨ ᠠᠬᠢᠭᠤᠯᠵᠤ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠳᠣᠬᠠᠨ ᠳᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠬᠢᠨᠠᠮᠠᠭᠠᠶ ᠯᠠᠪᠳᠠᠭᠤᠨ᠂ ᠲᠦᠷᠭᠡᠨ ᠪᠥᠭᠡᠳ ᠴᠢᠩᠭ᠎ᠠ ᠥᠷᠨᠢᠭᠦᠯᠵᠦ᠂ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠴᠠᠭ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃        ᠯᠢᠦ ᡁᠢ ᠫᠢᠩ᠂ ᠱᠢ ᠲᠠᠢ ᠹᠧᠩ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ ᠤᠭ ᠦᠨᠳᠦᠰᠦ ᠶᠢ ᠨᠢ ᠡᠷᠢᠵᠦ᠂ ᠠᠰᠠᠭᠤᠳᠠᠯ ᠤᠨ ᠠᠮᠢᠨ ᠭᠠᠵᠠᠷ ᠢ ᠰᠢᠭᠤᠳ ᠳᠠᠭᠠᠷᠢᠵᠤ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠠᠮᠤᠭ ᠤᠨ ᠰᠢᠯᠢᠳᠡᠭ︾ ᠬᠠᠷᠠᠯᠲᠠ ᠶᠢ ᠲᠣᠭᠲᠠᠭᠠᠬᠤ ᠳᠤ ᠦᠷᠭᠦᠯᠵᠢᠯᠡᠨ ᠬᠦᠴᠦᠯᠡᠵᠦ᠂ ᠥᠪᠡᠷ ᠤᠨ ᠪᠡᠶ᠎ᠡ ᠳᠡᠭᠡᠨ ᠣᠷᠣᠯᠴᠠᠵᠤ᠂ ᠠᠵᠢᠯ ᠳᠠᠭᠠᠨ ᠣᠷᠣᠯᠴᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠦᠢᠯᠡᠴᠢᠯᠡᠭᠡᠨ ᠤ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠦᠢᠯᠡᠴᠢᠯᠡᠭᠡᠨ ᠤ ᠤᠬᠠᠮᠰᠠᠷ ᠢ ᠪᠠᠲᠤ ᠪᠤᠶ ᠪᠣᠯᠭᠠᠵᠤ᠂ ᠪᠦᠬᠦ ᠲᠠᠯ᠎ᠠ ᠠᠴᠠ ᠡᠭᠦᠰᠴᠦ᠂ ᠠᠯᠤᠰ ᠬᠡᠳᠦ ᠠᠴᠠ ᠪᠣᠳᠣᠯᠬᠢᠯᠠᠬᠤ ᠶᠢ ᠪᠠᠷᠢᠮᠲᠠᠯᠠᠵᠤ᠂ ᠦᠢᠯᠡᠴᠢᠯᠡᠬᠦ ᠡᠲᠡᠭᠡᠳ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠦᠢᠯᠡᠴᠢᠯᠡᠨ᠂ ᠤᠯᠠᠨ ᠲᠦᠮᠡᠨ ᠪᠠ ᠠᠵᠤ ᠠᠬᠤᠶᠢᠯᠠᠯ ᠤᠨ ᠲᠠᠯ᠎ᠠ ᠠᠴᠠ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠠᠰᠠᠭᠤᠳᠠᠯ ᠢ ᠰᠢᠢᠳᠪᠦᠷᠢᠯᠡᠭᠰᠡᠨ ᠡᠰᠡᠬᠦ᠂ ᠴᠠᠭ ᠲᠤᠬᠠᠢ ᠳᠤᠨᠢ ᠰᠢᠢᠳᠪᠦᠷᠢᠯᠡᠭᠰᠡᠨ ᠡᠰᠡᠬᠦ᠂ ᠠᠵᠤ ᠠᠬᠤᠶᠢᠯᠠᠯ ᠪᠠ ᠤᠯᠠᠨ ᠲᠦᠮᠡᠨ ᠬᠠᠨᠤᠮᠵᠢᠲᠠᠢ ᠪᠠᠶᠢᠬᠤ ᠡᠰᠡᠬᠦ ᠪᠠᠷ ᠦᠢᠯᠡᠴᠢᠯᠡᠭᠡᠨ ᠤ ᠶᠠᠰᠤ ᠴᠢᠨᠠᠷ ᠢ ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠢᠯᠡᠭᠦᠬᠡᠨ ᠨᠡᠮᠡᠬᠦ ᠠᠷᠭ᠎ᠠ ᠶᠢ ᠬᠡᠷᠡᠭᠵᠢᠭᠦᠯᠵᠦ᠂ ᠥᠨᠳᠥᠷ ᠲᠦᠪᠰᠢᠨ ᠢᠶᠠᠷ ᠦᠢᠯᠡᠴᠢᠯᠡᠬᠦ᠂ ᠥᠨᠳᠥᠷ ᠦᠷ᠎ᠡ ᠪᠦᠲᠦᠮᠵᠢ ᠲᠠᠢ ᠪᠠᠷ ᠠᠵᠢᠯᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠴᠢᠩᠳᠠᠯᠠᠵᠤ᠂ ᠬᠠᠤᠯᠢ ᠬᠡᠷᠡᠭᠵᠢᠭᠦᠯᠬᠦ ᠡᠷᠬᠡ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠵᠤ᠂ ᠴᠢᠩᠭ᠎ᠠ ᠨᠢᠮᠪᠠᠶ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃        ᠯᠢᠦ ᡁᠢ ᠫᠢᠩ ᠱᠠᠭᠠᠷᠳᠠᠭᠰᠠᠨ ᠨᠢ᠂ ᠬᠤᠲᠠ ᠶᠢᠨ ᠰᠢᠨ᠎ᠡ ᠨᠢᠭᠡ ᠬᠤᠭᠤᠴᠠᠭᠠᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠠᠯᠢ ᠲᠦᠷᠭᠡᠨ ᠢᠶᠠᠷ ᠳᠦᠷᠢ ᠲᠥᠷᠬᠦ ᠳᠡᠭᠡᠨ ᠣᠷᠣᠵᠤ᠂ ᠠᠯᠢ ᠲᠦᠷᠭᠡᠨ ᠢᠶᠠᠷ ᠠᠵᠢᠯ ᠢᠶᠠᠨ ᠣᠶᠢᠯᠠᠭᠠᠵᠤ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠠᠵᠢᠯ ᠨᠢᠭᠡᠪᠦᠷᠢ ᠶᠢ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ᠂ ᠠᠵᠢᠯ ᠤᠨ ᠲᠠᠯ᠎ᠠ ᠪᠠᠷ ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠪᠣᠳᠠᠲᠠᠶᠢᠵᠢᠭᠤᠯᠬᠤ ᠬᠡᠷᠡᠭᠲᠡᠶ᠃ ᠡᠷᠳᠡᠮ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠳᠠᠪᠲᠠᠯᠲᠠ ᠪᠠ ᠰᠢᠯᠭᠠᠯᠲᠠ ᠶᠢ ᠥᠩᠭᠡᠷᠡᠭᠡᠬᠦ ᠳᠤᠮᠳᠠ ᠡᠷᠳᠡᠮ ᠮᠡᠳᠡᠯᠭᠡ ᠪᠠᠨ ᠨᠡᠮᠡᠭᠳᠡᠭᠦᠯᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠪᠦᠯᠬᠦᠮᠳᠡᠯ ᠢ ᠢᠮᠠᠭᠲᠠ ᠨᠠᠨᠳᠢᠩᠨᠠᠵᠤ᠂ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠠᠵᠢᠯ ᠬᠢᠵᠦ ᠦᠢᠯᠡᠰ ᠪᠤᠰᠬᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠠᠷᠭ᠎ᠠ ᠬᠡᠯᠪᠡᠷᠢ ᠶᠢ ᠴᠢᠬᠤᠯᠠᠴᠢᠯᠠᠵᠤ᠂ ᠤᠯᠤᠯᠴᠠᠭ᠎ᠠ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠳᠤᠮᠳᠠ ᠲᠤᠯᠭᠠᠷᠠᠭᠰᠠᠨ ᠵᠥᠷᠢᠴᠡᠯ ᠪᠣᠯᠤᠨ ᠥᠷᠢᠰᠥᠯᠳᠦᠭᠡᠨ ᠳᠤ ᠵᠣᠷᠢᠭᠲᠠᠢ ᠪᠠᠷ ᠰᠢᠭᠤᠳ ᠬᠠᠨᠳᠤᠬᠤ ᠬᠡᠷᠡᠭᠲᠡᠢ᠃ ᠶᠣᠰᠣ ᠲᠦᠷᠢᠮ ᠤᠨ ᠤᠬᠠᠮᠰᠠᠷ ᠢ ᠪᠤᠢ ᠪᠣᠯᠭᠠᠵᠤ᠂ ᠶᠣᠰᠣ ᠲᠦᠷᠢᠮ ᠶᠣᠰᠣᠭᠠᠷ ᠠᠵᠢᠯᠯᠠᠬᠤ ᠬᠡᠷᠡᠭᠲᠡᠶ᠃ ᠭᠦᠢᠴᠡᠳᠬᠡᠬᠦ ᠬᠦᠴᠦᠨ ᠢᠶᠠᠨ ᠴᠢᠩᠭᠠᠷᠠᠭᠤᠯᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠠᠭ ᠢᠮᠠᠭᠲᠠ ᠨᠠᠮ ᠤᠨ ᠳᠦᠷᠢᠮ ᠨᠠᠮ ᠤᠨ ᠲᠣᠭᠲᠠᠭᠠᠯ ᠢᠶᠠᠷ ᠪᠠᠶᠢᠴᠠᠭᠠᠨ ᠦᠵᠡᠵᠦ ᠵᠠᠰᠠᠪᠤᠷᠢ ᠣᠷᠣᠭᠤᠯᠵᠤ᠂ ᠥᠪᠡᠷ ᠢ ᠪᠠᠨ ᠱᠠᠭᠠᠷᠳᠠᠵᠤ᠂ ᠪᠡᠶ᠎ᠡ ᠪᠠᠨ ᠬᠢᠴᠢᠶᠡᠵᠦ᠂ ᠪᠡᠶ᠎ᠡ ᠪᠠᠨ ᠬᠢᠨᠠᠵᠤ᠂ ᠪᠡᠶ᠎ᠡ ᠪᠠᠨ ᠰᠡᠷᠡᠮᠵᠢᠯᠡᠭᠦᠯᠵᠦ᠂ ᠪᠡᠶ᠎ᠡ ᠪᠠᠨ ᠵᠣᠷᠢᠭᠵᠢᠭᠤᠯᠵᠤ᠂ ᠲᠣᠪ ᠲᠣᠳᠣᠷᠬᠠᠢ ᠬᠥᠮᠦᠨ ᠪᠤᠯᠵᠤ᠂ ᠠᠷᠢᠭᠤᠨ ᠴᠢᠬᠡᠴᠢ ᠪᠠᠷ ᠨᠣᠶᠠᠨ ᠰᠠᠭᠤᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠪᠦᠬᠦ ᠬᠤᠲᠠ ᠶᠢᠨ ᠡᠯ᠎ᠡ ᠱᠠᠲᠤᠨ ᠤ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号