| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 13 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ | ᠶᠢᠨ ᠫᠢᠩ ᠤᠵᠢᠷ᠎ᠠ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ ᠤ ᠪᠦᠬᠦ ᠳᠠᠷᠤᠭ᠎ᠠ | ᠪᠠᠶᠢᠯᠳᠤᠭᠴᠢ ᠳᠤ ᠬᠠᠷᠢᠭᠤ ᠵᠠᠬᠢᠳᠠᠯ ᠢᠯᠡᠬᠡᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ 5 ᠵᠢᠯ ᠤᠨ ᠲᠤᠷᠰᠢ᠂ ᠲᠠ ᠨᠠᠷ ᠨᠠᠮ ᠪᠣᠯᠤᠨ ᠠᠷᠠᠳ ᠲᠦᠮᠡᠨ ᠠᠴᠠ | ᠤᠯᠭᠤᠬᠰᠠᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠮᠢ ᠨᠠᠰᠤᠨ ᠤ ᠬᠤᠷᠢᠭᠠᠲᠤ ᠣᠷᠣᠨ ᠢ ᠪᠠᠲᠤ ᠰᠠᠬᠢᠨ᠂ | ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠡᠬᠡ ᠤᠯᠤᠰ ᠤᠨ ᠢᠶᠠᠨ ᠲᠠᠷᠬᠠᠨ ᠨᠤᠲᠤᠭ ᠳᠡᠪᠢᠰᠬᠡᠷ ᠢ ᠰᠠᠬᠢᠨ ᠬᠠᠮᠠᠭᠠᠯᠠᠵᠤ᠂ | ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠪᠦᠭᠦᠳᠡᠭᠡᠷ ᠢᠶᠠᠨ ᠪᠤᠯᠵᠤ ᠪᠠᠶᠢᠨ᠎ᠠ ᠬᠡᠵᠤ ᠢᠯᠡᠳᠬᠡᠪᠡ᠃ | ᠰᠢ ᠶᠢᠨ ᠫᠢᠩ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠡᠮᠦᠨ᠎ᠡ ᠹᠷᠣᠨᠲ ᠲᠤ ᠪᠠᠶᠢᠯᠳᠤᠵᠤ᠂ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠶᠤᠮ᠃ | ᠨᠥᠬᠦᠳ ᠨᠡᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ | ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠪᠠᠨ ᠴᠢᠩᠭᠠᠳᠬᠠᠵᠤ᠂ ᠡᠬᠡ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠰᠠᠶᠢᠲᠤᠷ ᠭᠦᠢᠴᠡᠳᠬᠡᠵᠦ᠂ ᠨᠠᠮ ᠪᠣᠯᠤᠨ ᠠᠷᠠᠳ ᠲᠦᠮᠡᠨ ᠳᠡᠭᠡᠨ ᠲᠠᠬᠢᠨ | ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ ᠪᠣᠯ ᠨᠢᠬᠡᠨ ᠰᠠᠯᠠᠭ᠎ᠠ ᠰᠢᠯᠢᠳᠡᠭ | ᠤᠯᠠᠮᠵᠢᠯᠠᠯ ᠲᠠᠢ ᠪᠠᠭᠠᠲᠤᠷᠯᠢᠭ ᠴᠡᠷᠢᠭ ᠠᠩᠭᠢ ᠪᠣᠯᠤᠨ᠎ᠠ᠃ ᠲᠤᠰ ᠪᠠᠲᠯᠢᠶᠣᠨ ᠤ ᠰᠠᠭᠤᠭ᠎ᠠ ᠭᠠᠵᠠᠷ ᠨᠢ ᠳᠠᠯᠠᠶ ᠶᠢᠨ | ᠲᠦᠪᠰᠢᠨ ᠠᠴᠠ ᠳᠤᠮᠳᠠᠴᠢ ᠪᠠᠷ 4800 ᠭᠠᠷᠤᠶ ᠮᠧᠲᠷ ᠡᠷᠭᠦᠭᠳᠡᠵᠦ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ | ᠲᠡᠭ ᠠᠴᠠ ᠳᠣᠷᠣᠭᠰᠢ 40 ᠭᠷᠠᠳᠦ᠋ᠰ ᠪᠠᠶᠢᠵᠤ᠂ ᠨᠢᠬᠡ ᠵᠢᠯ ᠤᠨ 200 ᠭᠠᠷᠤᠢ ᠡᠳᠤᠷ ᠲᠤ 8 ᠳᠡᠰ ᠠᠴᠠ ᠳᠡᠭᠡᠭᠰᠢ ᠶᠡᠭᠡ | ᠰᠠᠯᠬᠢ ᠰᠠᠯᠬᠢᠯᠠᠳᠠᠬ᠃ ᠤᠷᠳᠤ ᠬᠤᠭᠤᠴᠠᠭᠠᠨ᠎ᠠ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠴᠠᠰᠤᠲᠤ | ᠥᠨᠳᠦᠷᠯᠢᠭ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠷᠢᠳ ᠬᠤᠵᠢᠳ 9 | ᠤᠳᠠᠭ᠎ᠠ ᠪᠦᠬᠦ ᠤᠯᠤᠰ ᠪᠦᠬᠦ ᠴᠡᠷᠢᠭ ᠤᠨ ᠬᠥᠬᠢᠭᠦᠯᠦᠯ ᠢ ᠬᠦᠷᠳᠡᠵᠦ᠂ 5 ᠤᠳᠠᠭ᠎ᠠ ᠢᠷᠠᠭᠤ ᠠᠯᠳᠠᠷ ᠤᠨ ᠴᠣᠯᠠ | ᠬᠦᠷᠳᠡᠵᠦ᠂ 5 ᠨᠠᠷᠠ ᠨᠢᠭᠡᠳᠦᠭᠡᠷ ᠳᠡᠰ ᠤᠨ ᠭᠠᠪᠢᠶᠠᠳᠠᠨ᠂ 44 ᠨᠠᠷᠠ ᠬᠤᠶᠠᠳᠤᠭᠠᠷ ᠳᠡᠰ ᠤᠨ ᠭᠠᠪᠢᠶᠠᠳᠠᠨ ᠵᠡᠷᠭᠡ ᠨᠢᠭᠡ | ᠪᠦᠯᠦᠭ ᠲᠡᠷᠢᠭᠦᠨ ᠤ ᠬᠠᠮᠲᠤ ᠪᠠ ᠬᠤᠪᠢ ᠬᠥᠮᠦᠨ ᠴᠣᠯᠭᠤᠷᠠᠨ ᠭᠠᠷᠴᠠᠢ᠃ 2016 ᠣᠨ ᠤ 8 ᠰᠠᠷ᠎ᠠ ᠳᠤ᠂ ᠰᠢ ᠶᠢᠨ | ᠫᠢᠩ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ᠲᠤᠰ ᠪᠠᠲᠯᠢᠶᠣᠨ ᠳᠤ | ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ ᠤ ᠢᠷᠠᠭᠤ ᠠᠯᠳᠠᠷ ᠤᠨ ᠴᠣᠯᠠ ᠣᠯᠭᠤᠪᠠ᠃ | ᠤᠵᠢᠷ᠎ᠠ ᠶᠢᠨ ᠡᠳᠦᠷ᠂ ᠪᠦᠬᠦ ᠪᠠᠲᠯᠢᠶᠣᠨ ᠤ ᠳᠠᠷᠤᠭ᠎ᠠ ᠪᠠᠶᠢᠯᠳᠤᠭᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ | ᠂ 5 ᠵᠢᠯ ᠤᠨ ᠲᠤᠷᠰᠢᠬᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠮᠠᠭᠠᠯᠠᠵᠤ ᠬᠢᠯᠢ ᠪᠠᠨ ᠰᠠᠬᠢᠬᠤ ᠡᠷᠡᠰ ᠪᠠᠲᠤ | ᠢᠲᠡᠭᠡᠯ ᠵᠣᠷᠢᠭ ᠢᠶᠠᠨ ᠢᠯᠡᠳᠬᠡᠭᠰᠡᠨ ᠪᠠᠶᠢᠨ᠎ᠠ᠃ |