︽ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠪᠠᠶᠠᠷᠯᠠᠨ ᠤᠭᠲᠤᠶ᠎ᠠ︾ ᠯᠢᠦ ᡁᠢ ᠫᠢᠩ ᠬᠤᠳᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠬᠤᠳᠠ ᠶᠢᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ  ᠬᠦᠯᠢᠶᠡᠨ ᠠᠪᠴᠦ ᠰᠣᠨᠣᠰᠪᠠ
ᠨᠡᠶᠢᠲᠡᠯᠡᠭᠰᠡᠨ ᠴᠠᠭ᠄
2021/9/16
       9 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠾᠧᠦ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠴᠧᠨ ᠢᠦᠶ ᠴᠧᠩ᠂ ᠵᠠᠩ ᠺᠠᠶ ᠳ᠋ᠦᠩ᠂ ᠵᠠᠩ ᠯᠢ ᠴᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠵᠢᠶᠠᠨ ᠯᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠲᠢᠶᠤ ᠶᠢᠨ ᠵᠢᠴᠢ ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠨᠠᠮ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃    
 
   ᠯᠢᠦ ᡁᠢ ᠫᠢᠩ ᠶᠠᠷᠢᠶ᠎ᠠ ᠲᠠᠯᠪᠢᠵᠠᠢ        ᠶᠠᠷᠢᠯᠴᠠᠬᠤ ᠬᠤᠷᠠᠯ ᠳᠡᠭᠡᠷ᠎ᠡ᠂ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠢᠯᠡᠳᠬᠡᠯ ᠢ ᠲᠤᠭᠤᠷᠪᠢᠭᠰᠠᠨ ᠶᠠᠪᠤᠴᠠ᠂ ᠪᠦᠲᠦᠴᠡ ᠪᠣᠯᠤᠨ ᠭᠤᠣᠯ ᠠᠭᠤᠯᠭ᠎ᠠ ᠶᠢᠨ ᠲᠤᠬᠠᠢ ᠲᠣᠳᠣᠷᠬᠠᠶᠢᠯᠠᠯᠲᠠ ᠬᠢᠵᠡᠢ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ   ᠶᠢ ᠳᠤᠷᠠᠳᠪᠠ᠃        ᠯᠢᠦ ᡁᠢ ᠫᠢᠩ᠂ ᠬᠤᠳᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠡᠭ ᠲᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠡᠷᠢᠶᠡᠨ ᠬᠤᠳᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠢ ᠴᠢᠷᠮᠠᠶᠢᠨ ᠡᠬᠢᠯᠡᠭᠦᠯᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠪᠦᠬᠦ ᠬᠤᠳᠠ ᠶᠢᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠃ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠰᠠᠶᠢᠲᠤᠷ ᠲᠤᠭᠤᠷᠪᠢᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠂ ᠢᠯᠡᠳᠬᠡᠯ ᠢ ᠲᠤᠭᠤᠷᠪᠢᠬᠤ ᠳᠤᠭᠤᠶᠢᠯᠠᠩ ᠤᠨ ᠬᠢᠨ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠢᠯᠡᠳᠬᠡᠯ ᠤᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠢᠯᠡᠳᠬᠡᠯ ᠢ ᠤᠯᠤᠰ ᠲᠦᠷᠦᠴᠢ ᠴᠢᠨᠠᠷ᠂ ᠵᠢᠷᠤᠮᠵᠢᠯᠳᠤ ᠴᠢᠨᠠᠷ᠂ ᠦᠷᠭᠦᠯᠵᠢᠯᠡᠬᠦ ᠴᠢᠨᠠᠷ᠂ ᠥᠷᠭᠡᠳᠬᠡᠬᠦ ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠢ ᠨᠡᠩ ᠲᠤᠪᠤᠶᠢᠯᠭᠠᠬᠤ ᠪᠣᠯᠭᠠᠬᠤ ᠬᠡᠷᠡᠭᠲᠡᠶ᠃ ᠢᠯᠡᠳᠬᠡᠯ ᠳᠤ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠢᠮᠠᠭᠲᠠ ᠲᠤᠤᠱᠯᠠᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠤ ᠨᠡᠩ ᠢᠯᠡᠭᠦᠦ ᠨᠡᠶᠢᠴᠡᠭᠦᠯᠦᠭᠰᠡᠨ ᠪᠠᠶᠢᠨ᠎ᠠ᠃        ᠯᠢᠦ ᡁᠢ ᠫᠢᠩ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠶᠢ ᠳᠤᠪᠤᠶᠢᠯᠭᠠᠵᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠡᠷᠢᠶᠡᠨ ᠤ ᠬᠥᠭᠵᠢᠯᠲᠡ ᠶᠢ ᠤᠯᠤᠰ ᠤᠨ ᠤᠮᠠᠷᠠᠰᠢ ᠨᠡᠬᠡᠬᠡᠯᠳᠡ ᠬᠢᠬᠦ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠲᠠᠯᠪᠢᠵᠤ ᠲᠥᠯᠥᠪᠵᠢᠭᠦᠯᠦᠨ ᠳᠤᠬᠢᠷᠠᠭᠤᠯᠵᠤ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠪᠠᠶᠢᠷᠢᠰᠢᠯ ᠢᠶᠠᠷ ᠡᠷᠢᠶᠡᠨ ᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠬᠡᠷᠡᠭᠲᠡᠢ ᠭᠡᠵᠦ ᠱᠠᠭᠠᠷᠳᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠱᠠᠳᠤᠴᠢ ᠴᠢᠨᠠᠷᠲᠠᠢ ᠣᠨᠴᠠᠯᠢᠭ ᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠬᠤ ᠪᠠ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ᠂  ᠪᠣᠭᠤᠮᠲᠠ ᠶᠢᠨ ᠣᠳᠣᠬᠢ ᠱᠠᠲᠤᠨ ᠤ ᠬᠥᠭᠵᠢᠯᠲᠡ ᠶᠢᠨ ᠣᠨᠴᠠᠯᠢᠭ ᠢ ᠭᠦᠢᠴᠡᠳ ᠡᠵᠡᠮᠳᠡᠵᠦ᠂ ᠴᠠᠭ ᠦᠶᠡᠴᠢ ᠴᠢᠨᠠᠷ ᠢ ᠢᠯᠡᠷᠡᠭᠦᠯᠬᠦ ᠶᠢ ᠪᠠᠲᠤᠯᠠᠬᠤ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠴᠢᠬᠤᠯᠠ ᠠᠭᠤᠯᠭ᠎ᠠ ᠪᠣᠯᠭᠠᠵᠤ᠂ ᠢᠯᠡᠳᠬᠡᠯ ᠢ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠪᠤᠳᠤᠯ ᠳᠤ ᠨᠡᠶᠢᠴᠡᠭᠦᠯᠬᠦ ᠬᠡᠷᠡᠭᠲᠡᠢ᠃ ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢ ᠰᠣᠨᠣᠰᠬᠤ᠂ ᠠᠷᠭ᠎ᠠ ᠵᠠᠮ ᠢ ᠥᠷᠭᠡᠨ ᠢᠶᠠᠷ ᠨᠡᠭᠡᠭᠡᠬᠦ ᠶᠢ ᠪᠠᠷᠢᠮᠲᠠᠯᠠᠵᠤ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠬᠢᠨᠲᠠ ᠳᠠᠶᠢᠴᠢᠯᠠᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠡᠳᠡᠭᠦᠯᠦᠯᠲᠡ ᠶᠢ ᠨᠡᠩ ᠪᠦᠷᠢᠨ ᠲᠡᠭᠦᠯᠳᠡᠷ ᠪᠣᠯᠭᠠᠵᠤ᠂ ᠦᠨᠡᠨ ᠬᠦ ᠲᠤᠩᠭᠠᠨ ᠪᠣᠳᠣᠯᠬᠢᠯᠠᠬᠤ ᠂ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠬᠦᠳᠦᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号