ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠠᠷᠪᠠᠨ ᠵᠢᠷᠭᠤᠳᠤᠭᠠᠷ ᠬᠤᠭᠤᠴᠠᠭᠠᠨ ᠤ ᠬᠦᠨᠳᠦ ᠬᠥᠩᠭᠡᠨ ᠲᠠᠮᠢᠷ ᠤᠨ ᠣᠷᠣᠯᠳᠣᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2021/9/17
    9 ᠰᠠᠷ᠎ᠠ ᠶᠢᠨ 16 ᠤ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠬᠦᠨᠳᠦ ᠬᠥᠩᠭᠡᠨ ᠲᠠᠮᠢᠷ ᠤᠨ ᠣᠷᠣᠯᠳᠣᠭᠠᠨ ᠰᠦᠷ ᠵᠢᠪᠬᠤᠯᠠᠩᠳᠠᠢ ᠡᠬᠢᠯᠡᠪᠡ᠃    
   ᠤᠯᠤᠰ ᠤᠨ ᠲᠤᠬ ᠮᠠᠨᠳᠤᠭᠤᠯᠬᠤ        ᠣᠷᠭᠢᠯᠣᠨ ᠪᠠᠳᠠᠷᠠᠭᠰᠠᠨ ᠬᠡᠩᠭᠡᠷᠭᠡ ᠶᠢᠨ ᠲᠠᠭᠤᠨ ᠢ ᠳᠠᠭᠠᠯᠳᠤᠨ᠂ ᠡᠯ᠎ᠡ ᠠᠩᠭᠢ ᠶᠢᠨ ᠵᠢᠭᠰᠠᠭᠠᠯ ᠤᠨ ᠬᠢᠨ ᠲᠡᠷᠢ ᠲᠡᠭᠰᠢ ᠬᠤᠪᠴᠠᠰᠤᠯᠠᠵᠤ᠂ ᠴᠤᠭ ᠵᠢᠪᠬᠤᠭ᠎ᠠ ᠲᠡᠭᠦᠯᠳᠡᠷ᠂ ᠢᠳᠡᠷᠡᠭᠦᠨ ᠠᠯᠬᠤᠭ᠎ᠠ ᠪᠠᠷ ᠲᠡᠷᠢᠭᠦᠯᠡᠭᠴᠢ ᠶᠢᠨ ᠳᠠᠶᠢᠰᠠ  ᠪᠠᠷ ᠦᠩᠬᠡᠷᠡᠨ᠎ᠡ᠃ ᠲᠡᠳᠡᠨ ᠤ ᠰᠦᠷ ᠵᠢᠪᠬᠤᠯᠠᠩᠲᠤ ᠳᠦᠷᠢ ᠪᠠᠶᠢᠳᠠᠯ ᠨᠢ ᠬᠤᠳᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠴᠤᠬ ᠪᠠᠳᠠᠷᠠᠩᠭᠤᠢ᠂ ᠥᠭᠡᠳᠡᠯᠡᠨ ᠲᠠᠪᠰᠢᠬᠤ ᠲᠡᠮᠡᠴᠡᠯ ᠤᠨ ᠵᠣᠷᠢᠭ ᠢ ᠢᠯᠡᠷᠡᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠢ ᠪᠠᠶᠠᠷᠯᠠᠨ ᠤᠭᠲᠤᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠣᠮᠤᠭ ᠵᠣᠷᠢᠭ ᠢ ᠢᠯᠡᠷᠡᠭᠦᠯᠦᠭᠰᠡᠨ ᠪᠠᠶᠢᠨ᠎ᠠ᠃  
        ᠡᠯ᠎ᠡ ᠠᠩᠭᠢ ᠶᠢᠨ ᠲᠥᠯᠥᠭᠡᠯᠡᠭᠴᠢᠳ ᠤᠨ ᠪᠠᠭ ᠲᠠᠯᠠᠪᠠᠢ ᠳᠤ ᠣᠷᠣᠨ᠎ᠠ    ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠬᠦᠨᠳᠦ ᠬᠥᠩᠭᠡᠨ ᠲᠠᠮᠢᠷ ᠤᠨ ᠴᠤᠭᠯᠠᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠲᠡ 100 ᠮᠧᠲᠷ᠂ 200 ᠮᠧᠲᠷ᠂ 4 × 100 ᠮᠧᠲᠷ ᠤᠨ ᠬᠦᠴᠦᠨ ᠵᠠᠯᠭᠠᠬᠤ ᠤᠷᠤᠯᠳᠤᠭᠠᠨ᠂ ᠡᠯᠡᠰᠦᠨ ᠪᠦᠮᠪᠦᠭᠡ ᠰᠢᠳᠡᠬᠦ᠂ ᠬᠤᠯᠠ ᠦᠰᠦᠷᠬᠦ ᠵᠡᠷᠭᠡ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠵᠦᠢᠯ ᠢ ᠲᠣᠬᠢᠷᠠᠭᠤᠯᠤᠭᠰᠠᠨ ᠪᠠᠶᠢᠨ᠎ᠠ᠃ ᠤᠷᠤᠯᠳᠤᠭᠠᠨ ᠳᠤ ᠲᠠᠮᠢᠷᠴᠢᠳ ᠪᠦᠬᠦ ᠬᠦᠴᠦᠨ ᠢᠶᠠᠷ ᠢᠶᠠᠨ ᠴᠢᠷᠮᠠᠶᠢᠨ᠂ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠭᠦᠢᠴᠡᠳ ᠪᠠᠳᠠᠷᠠᠭᠤᠯᠵᠦ  ᠂ ᠣᠬᠠᠭᠠᠨ ᠰᠠᠮᠪᠠᠭ᠎ᠠ ᠬᠦᠴᠦ ᠴᠢᠳᠠᠯ ᠢᠶᠠᠨ ᠰᠣᠷᠢᠵᠦ ᠪᠠᠶᠢᠯ᠎ᠠ᠃    ᠡᠭᠦᠨ ᠠᠴᠠ ᠭᠠᠳᠠᠨ᠎ᠠ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠨᠢ ᠬᠥᠳᠡᠯᠭᠡᠭᠡᠨ ᠤ ᠰᠣᠨᠢᠷᠬᠠᠯᠲᠤ ᠴᠢᠨᠠᠷ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠶᠢᠨ ᠳᠣᠯᠠᠳᠠ ᠪᠠᠰᠠ ᠰᠣᠨᠢᠷᠬᠠᠯᠲᠤ ᠤᠷᠤᠯᠳᠤᠭᠠᠨ ᠤ ᠭᠤᠭᠴᠤᠭ᠎ᠠ ᠭᠠᠷᠭᠠᠵᠤ᠂ ᠰᠣᠷᠣᠭᠴᠢ ᠶᠢᠨ ᠬᠡᠷ ᠤᠨ ᠠᠬᠠᠮᠠᠳ ᠤᠨ ᠣᠷᠣᠯᠴᠠᠭ᠎ᠠ ᠲᠠᠢ ᠣᠷᠣᠯᠳᠣᠭᠠᠨ ᠢ ᠳᠣᠬᠢᠷᠠᠭᠤᠯᠪᠠ᠃      ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠡᠶ᠎ᠡ ᠶᠢᠨ ᠲᠠᠮᠢᠷ ᠢᠶᠠᠷ ᠳᠠᠮᠵᠢᠨ ᠣᠶᠣᠨ ᠣᠬᠠᠭᠠᠨ ᠪᠠ ᠰᠡᠳᠬᠢᠯ ᠤᠨ ᠪᠣᠯᠪᠠᠰᠣᠷᠠᠯ ᠢ ᠠᠬᠢᠭᠤᠯᠬᠤ ᠵᠣᠷᠢᠯᠭ᠎ᠠ ᠶᠢ  ᠪᠡᠶᠡᠯᠡᠬᠦᠯᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号