ᠪᠠᠷᠠᠭᠤᠨ‌ᠬᠤᠲᠠ ᠲᠤᠭᠤᠷᠢᠭ ᠤᠨ ᠤᠰᠤᠨ ᠬᠤᠭᠤᠯᠠᠢ ᠶᠢ ᠰᠤᠯᠢᠵᠦ ᠵᠠᠰᠠᠨ ᠦᠭᠡᠷᠡᠴᠢᠯᠡᠬᠦ ᠠᠵᠢᠯ ᠤᠷᠤᠭᠰᠢᠲᠠᠢ ᠶᠠᠪᠤᠭᠳᠠᠵᠤ ᠪᠠᠶᠢᠭ᠎ᠠ
ᠨᠡᠶᠢᠲᠡᠯᠡᠭᠰᠡᠨ ᠴᠠᠭ᠄
2021/9/17
ᠭᠠᠷᠴᠠᠭ᠄ ᠪᠠᠷᠠᠭᠤᠨ‌ᠬᠤᠲᠠ ᠲᠤᠭᠤᠷᠢᠭ ᠤᠨ ᠤᠰᠤᠨ ᠬᠤᠭᠤᠯᠠᠢ ᠶᠢ ᠰᠤᠯᠢᠵᠦ ᠵᠠᠰᠠᠨ ᠦᠭᠡᠷᠡᠴᠢᠯᠡᠬᠦ ᠠᠵᠢᠯ ᠤᠷᠤᠭᠰᠢᠲᠠᠢ ᠶᠠᠪᠤᠭᠳᠠᠵᠤ ᠪᠠᠶᠢᠭ᠎ᠠᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄    ᠮᠠᠨ ᠤ ᠬᠤᠳᠠ ᠶᠢᠨ ᠭᠤᠤᠯᠳᠠᠯᠭᠠᠲᠤ ᠲᠥᠷᠦᠯ ᠵᠦᠢᠯ ᠤᠨ ᠨᠢᠭᠡ ᠪᠤᠯᠤᠭᠰᠠᠨ ᠪᠠᠷᠠᠭᠤᠨ ᠬᠤᠲᠠ ᠲᠤᠭᠤᠷᠢᠭ ᠤᠨ ᠤᠰᠤᠨ ᠬᠤᠭᠤᠯᠠᠢ ᠶᠢ  ᠰᠤᠯᠢᠵᠤ  ᠵᠠᠰᠠᠬᠤ ᠢᠨᠵᠧᠨᠧᠷᠢᠩ ᠬᠤᠳᠠ ᠶᠢᠨ ᠠᠷᠠᠳ ᠤᠨ ᠬᠠᠯᠠᠮᠰᠢᠯ ᠴᠡᠭ ᠪᠤᠯᠤᠭᠰᠠᠭᠠᠷ ᠢᠷᠡᠭᠰᠡᠨ ᠪᠠᠶᠢᠨ᠎ᠠ᠃  ᠦᠢᠷ᠎ᠠ ᠶᠢᠨ ᠡᠳᠦᠷ᠂  ᠵᠠᠰᠠᠨ ᠦᠭᠡᠷᠡᠴᠢᠯᠡᠬᠦ ᠠᠵᠢᠯ ᠦᠷᠭᠡᠳᠬᠦ ᠶᠢ ᠲᠠᠭᠠᠯᠳᠤᠨ᠂  ᠤᠯᠠᠨ ᠵᠠᠮ ᠢ  ᠪᠦᠭᠯᠡᠵᠡᠢ᠃  ᠤᠳᠤᠬᠠᠨ ᠳᠤ᠂  ᠪᠠᠷᠢᠯᠭ᠎ᠠ ᠶᠢᠨ ᠠᠬᠢᠴᠠ ᠬᠢᠷᠢ ᠵᠡᠷᠭᠡ ᠪᠤᠯᠵᠤ ᠪᠠᠶᠢᠭ᠎ᠠ ᠨᠢ ᠬᠤᠳᠠ ᠶᠢᠨ ᠠᠷᠠᠳ ᠤᠨ ᠬᠠᠮᠤᠭ ᠠᠴᠠ ᠠᠩᠬᠠᠷᠴᠦ ᠪᠠᠶᠢᠭ᠎ᠠ ᠠᠰᠠᠭᠤᠳᠠᠯ ᠪᠤᠯᠤᠭᠰᠠᠨ ᠪᠠᠶᠢᠨ᠎ᠠ᠃  ᠤᠳᠦ ᠰᠤᠷᠪᠤᠯᠵᠢᠯᠠᠭᠴᠢ   ᠶᠢᠨ ᠪᠠᠷᠢᠯᠭ᠎ᠠ ᠶᠢᠨ ᠠᠬᠤᠢ ᠲᠠᠯᠠᠪᠠᠢ ᠠᠴᠠ ᠬᠤᠳᠠ ᠶᠢᠨ ᠠᠷᠠᠳ ᠤᠨ ᠠᠩᠬᠠᠷᠴᠦ ᠪᠠᠶᠢᠭ᠎ᠠ ᠪᠠᠶᠢᠳᠠᠯ ᠳᠤ  ᠦᠭᠭᠦᠭᠰᠡᠨ ᠬᠠᠷᠢᠭᠤᠯᠲᠠ ᠶᠢ  ᠬᠠᠷᠠᠵᠠᠭᠠᠶ᠎ᠠ᠃ ᠲᠠᠶᠢᠯᠤᠮᠵᠢ᠄        ᠰᠢᠨᠬᠤᠸᠠ ᠶᠡᠭᠡ  ᠵᠡᠭᠡᠯᠢ ᠶᠢᠨ   ᠤᠰᠤᠨ  ᠬᠤᠭᠤᠯᠠᠢ ᠶᠢ ᠰᠤᠯᠢᠵᠤ ᠵᠠᠰᠠᠨ ᠦᠭᠡᠷᠡᠴᠢᠡᠯᠬᠦ ᠢᠨᠵᠧᠨᠧᠷᠢᠩ ᠤᠨ ᠠᠬᠤᠢ ᠲᠠᠯᠠᠪᠠᠢ ᠳᠤ᠂  ᠪᠦᠬᠦᠶᠢᠯᠡ ᠪᠠᠷᠢᠯᠭ᠎ᠠ  ᠡᠮᠬᠢ  ᠲᠢᠭᠯᠢᠮ ᠲᠠᠢ ᠶᠠᠪᠤᠭᠳᠠᠵᠤ᠂  ᠠᠵᠢᠯᠲᠠᠳ ᠬᠤᠶᠠᠷ ᠪᠦᠯᠦᠭ ᠬᠤᠪᠢᠶᠠᠨ ᠠᠵᠢᠯᠯᠠᠵᠤ᠂  ᠡᠯ᠎ᠡ ᠲᠥᠷᠦᠯ ᠤᠨ ᠰᠢᠪᠡᠷ ᠰᠢᠷᠤᠢ ᠮᠠᠯᠲᠠᠬᠤ ᠮᠠᠰᠢᠨ ᠰᠦᠯᠵᠢᠯᠳᠦᠵᠦ᠂  ᠰᠢᠨ᠎ᠡ ᠤᠰᠤᠨ ᠬᠤᠭᠤᠯᠠᠢ ᠶᠢ ᠲᠡᠪᠢᠰᠬᠦ ᠪᠠᠷ ᠪᠡᠯᠡᠳᠭᠡᠵᠦ  ᠂  ᠤᠰᠤ ᠭᠠᠳᠠᠭᠰᠢᠯᠠᠭᠤᠯᠬᠤ ᠲᠤᠨᠤᠭ ᠲᠥᠭᠦᠭᠡᠷᠦᠮᠵᠢ ᠶᠢ ᠰᠠᠶᠢᠵᠢᠷᠠᠭᠤᠯᠵᠤ  ᠪᠠᠶᠢᠯ᠎ᠠ᠃  ᠠᠵᠢᠯᠲᠠᠳ ᠠᠴᠠ ᠰᠤᠷᠪᠤᠯᠵᠢᠯᠠᠭᠴᠢ ᠳᠤ ᠤᠳᠤᠬᠠᠨ ᠢᠤᠢ ᠼᠠᠢ  ᠵᠠᠮ  ᠵᠢᠴᠢ ᠰᠢᠨᠬᠤᠸᠠ ᠶᠡᠭᠡ ᠵᠡᠭᠡᠯᠢ ᠶᠢᠨ ᠬᠡᠰᠡᠭ ᠵᠠᠮ   ᠤᠨ  ᠠᠵᠢᠯ ᠰᠢᠪᠲᠤᠷᠠᠭᠠᠨ ᠳᠤ ᠪᠠᠨ ᠤᠷᠤᠵᠤ᠂ 9  ᠰᠠᠷ᠎ᠠ ᠶᠢᠨ15  ᠤ  ᠡᠳᠦᠷ ᠤᠨ ᠤᠷᠴᠢᠮ ᠢᠶᠠᠷ  ᠡᠨᠡᠬᠦ ᠵᠠᠮ ᠢᠶᠠᠷ  ᠶᠠᠪᠤᠵᠤ  ᠪᠤᠯᠤᠨ᠎ᠠ ᠭᠡᠵᠦ ᠶᠠᠷᠢᠵᠤ ᠪᠠᠶᠢᠯ᠎ᠠ᠃     ᠤᠳᠤᠬᠠᠨ ᠪᠤᠯᠲᠠᠯ᠎ᠠ᠂  ᠪᠠᠷᠠᠭᠤᠨ ᠬᠤᠲᠠ  ᠲᠤᠭᠤᠷᠢᠭ ᠤᠨ  ᠤᠰᠤᠨ ᠬᠤᠭᠤᠯᠠᠢ ᠶᠢ ᠰᠤᠯᠢᠵᠤ  ᠵᠠᠰᠠᠬᠤ ᠠᠵᠢᠯ  ᠳᠤ ᠦᠢᠯᠡᠰ ᠪᠦᠲᠦᠭᠡᠬᠦ ᠵᠠᠮ᠂  ᠹᠠᠩ ᠵᠧᠩ ᠵᠠᠮ᠂  ᠢᠤᠢ ᠼᠠᠢ  ᠵᠠᠮ᠂  ᠴᠢᠩᠭᠢᠰ ᠬᠠᠭᠠᠨ ᠵᠡᠭᠡᠯᠢ ᠶᠢᠨ 13000 ᠮᠧᠲᠷ ᠤᠨ ᠤᠰᠤ ᠬᠠᠩᠭᠠᠬᠤ  ᠬᠤᠭᠤᠯᠠᠢ ᠢ ᠲᠡᠪᠢᠰᠴᠦ ᠲᠠᠭᠤᠰᠬᠠᠨ᠂  ᠦᠢᠯᠡᠰ  ᠪᠦᠲᠦᠭᠡᠬᠦ ᠵᠠᠮ  ᠂  ᠹᠠᠩ ᠵᠧᠩ ᠵᠠᠮ᠂  ᠬᠡᠨᠲᠡᠢ ᠵᠡᠭᠡᠯᠢ᠂  ᠠᠪᠤᠷᠭᠤ ᠬᠦᠷᠪᠡᠯ ᠶᠡᠭᠡ ᠵᠡᠭᠡᠯᠢ᠂ ᠦᠵᠦᠮᠦᠴᠢᠨ ᠵᠡᠭᠡᠯᠢ ᠶᠢᠨ6000 ᠮᠧᠲᠷ ᠤᠨ ᠤᠰᠤ ᠭᠠᠳᠠᠭᠰᠢᠯᠠᠭᠤᠯᠬᠤ  ᠬᠤᠭᠤᠯᠠᠢ ᠶᠢ ᠲᠡᠪᠢᠰᠴᠦ ᠲᠠᠭᠤᠰᠬᠠᠵᠠᠢ᠃     ᠰᠤᠷᠪᠤᠯᠵᠢᠯᠠᠭ᠎ᠠ᠄  ᠤᠳᠤᠬᠠᠨ ᠳᠤ ᠪᠢᠳᠡ ᠪᠠᠷᠢᠯᠭ᠎ᠠ ᠶᠢᠨ 80 % ᠶᠢ ᠪᠡᠶᠡᠯᠡᠭᠦᠯᠵᠦ᠂ 10  ᠰᠠᠷ᠎ᠠ ᠶᠢᠨ ᠰᠡᠭᠦᠯᠴᠢ ᠪᠠᠷ ᠪᠠᠷᠠᠭᠤᠨ ᠬᠤᠲᠠ ᠲᠤᠭᠤᠷᠢᠭ ᠤᠨ ᠵᠠᠰᠠᠨ ᠦᠭᠡᠷᠡᠴᠢᠯᠡᠬᠦ ᠲᠥᠷᠦᠯ ᠵᠦᠢᠯ ᠢ ᠪᠡᠶᠡᠯᠡᠭᠦᠯᠬᠦ ᠪᠠᠷ ᠲᠥᠯᠦᠪᠯᠡᠵᠦ ᠪᠠᠶᠢᠨ᠎ᠠ᠃  ᠳᠠᠷᠠᠭᠠᠴᠢ ᠶᠢᠨ ᠠᠯᠬᠤᠮ ᠳᠤ᠂  ᠪᠢᠳᠡ ᠢᠤᠢ ᠼᠠᠢ  ᠵᠠᠮ ᠪᠤᠯᠤᠨ  ᠪᠠᠶᠢᠭᠠᠯ  ᠵᠡᠭᠡᠯᠢ ᠶᠢᠨ ᠠᠭᠤᠯᠵᠠᠷ ᠬᠡᠰᠡᠭ᠂  ᠢᠤᠢ ᠼᠠᠢ  ᠵᠠᠮ ᠪᠤᠯᠤᠨ ᠰᠢᠨᠬᠤᠸᠠ ᠶᠡᠭᠡ ᠵᠡᠭᠡᠯᠢ ᠶᠢᠨ ᠠᠭᠤᠯᠵᠠᠷ ᠬᠡᠰᠡᠭ ᠢ  ᠪᠦᠭᠯᠡᠬᠦ ᠪᠤᠯᠬᠤᠷ  ᠬᠤᠳᠠ ᠶᠢᠨ ᠠᠷᠠᠳ ᠤᠷᠢᠳᠴᠢᠯᠠᠨ ᠵᠠᠮ   ᠢᠶᠠᠨ  ᠲᠦᠯᠦᠪᠯᠡᠭᠡᠷᠡᠢ᠃ ᠲᠠ ᠨᠠᠷ ᠤᠨ ᠪᠢᠳᠡᠨ ᠤ ᠠᠵᠢᠯ ᠳᠤ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ᠃      ᠦᠢᠯᠠᠭᠠᠯᠲᠠ ᠪᠠᠷ᠂  ᠪᠠᠷᠠᠭᠤᠨ ᠬᠤᠲᠠ ᠲᠤᠭᠤᠷᠢᠭ ᠤᠨ  ᠤᠰᠤᠨ ᠬᠤᠭᠤᠯᠠᠢ ᠶᠢ ᠰᠤᠯᠢᠵᠤ  ᠵᠠᠰᠠᠬᠤ ᠢᠨᠵᠧᠨᠧᠷᠢᠩ ᠪᠤᠯ  ᠪᠦᠬᠦ ᠠᠶᠢᠮᠠᠭ ᠤᠨ ᠭᠤᠤᠯᠳᠠᠯᠭᠠᠲᠤ ᠲᠥᠷᠦᠯ ᠵᠦᠢᠯ ᠤᠨ ᠨᠢᠭᠡ ᠪᠠᠶᠢᠵᠤ᠂  ᠭᠤᠤᠯᠳᠠᠭᠤ  ᠤᠰᠤ ᠬᠠᠩᠭᠠᠬᠤ ᠬᠤᠭᠤᠯᠠᠢ ᠶᠢ ᠦᠭᠡᠷᠡᠴᠢᠯᠡᠬᠦ᠂  ᠤᠰᠤ ᠭᠠᠳᠠᠭᠰᠢᠯᠠᠭᠤᠯᠬᠤ  ᠬᠤᠭᠤᠯᠠᠢ ᠶᠢ ᠦᠭᠡᠷᠡᠴᠢᠯᠡᠬᠦ᠂  ᠲᠤᠯᠠᠭᠠᠯᠭ᠎ᠠ ᠬᠠᠩᠭᠠᠬᠤ ᠥᠷᠲᠡᠭᠡ  ᠢ ᠰᠢᠨ᠎ᠡ ᠪᠠᠷ ᠪᠠᠶᠢᠭᠤᠯᠬᠤ᠂  ᠨᠢᠭᠡᠳᠦᠭᠡᠷ ᠲᠡᠰ ᠤᠨ ᠤᠰᠤ ᠬᠠᠩᠭᠠᠬᠤ  ᠬᠤᠭᠤᠯᠠᠢ ᠶᠢᠨ ᠦᠭᠡᠷᠡᠴᠢᠯᠡᠯᠲᠡ ᠵᠡᠷᠭᠡ ᠪᠠᠭᠲᠠᠨ᠎ᠠ᠃  ᠤᠰᠤᠨ ᠬᠤᠭᠤᠯᠠᠢ ᠶᠢᠨ ᠦᠭᠡᠷᠡᠴᠢᠯᠡᠯᠲᠡ ᠶᠢᠨ ᠪᠠᠷᠢᠯᠭ᠎ᠠ  ᠶᠢᠨ ᠠᠵᠢᠯ ᠲᠠᠭᠤᠰᠤᠭᠰᠠᠨ ᠤ ᠳᠠᠷᠠᠭ᠎ᠠ᠂  ᠤᠰᠤᠨ ᠤ ᠬᠠᠩᠭᠠᠯᠭ᠎ᠠ ᠲᠤᠲᠠᠮᠠᠭ ᠪᠠᠶᠢᠭ᠎ᠠ ᠪᠠᠶᠢᠳᠠᠯ᠂  ᠤᠰᠤ ᠭᠠᠳᠠᠭᠰᠢᠯᠠᠭᠤᠯᠬᠤ ᠳᠤ ᠰᠠᠭᠠᠳ ᠲᠠᠢ ᠪᠠᠶᠢᠭ᠎ᠠ ᠵᠡᠷᠭᠡ ᠠᠰᠠᠭᠤᠳᠠᠯ ᠢ  ᠰᠶᠢᠳᠪᠦᠷᠢᠯᠡᠵᠡᠢ᠂᠂  ᠬᠤᠳᠠ ᠶᠢᠨ ᠰᠠᠭᠤᠷᠢ ᠲᠤᠨᠤᠭ ᠲᠥᠭᠦᠭᠡᠷᠦᠮᠵᠢ ᠶᠢ ᠤᠯᠠᠮ ᠪᠦᠷᠢᠨᠰᠢᠭᠦᠯᠦᠨ᠂  ᠤᠯᠠᠨ ᠲᠦᠮᠡᠨ ᠤ ᠠᠮᠢᠳᠤᠷᠠᠯ ᠳᠤ ᠲᠥᠭᠦᠮ ᠬᠠᠩᠭᠠᠬᠤ ᠪᠤᠯᠤᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号