| | ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠶ ᠣᠷᠳᠣᠨ ᠤ ᠦᠢᠯᠡᠴᠢᠯᠡᠭᠡᠨ ᠤ ᠴᠢᠳᠠᠮᠵᠢ ᠶᠢ | ᠥᠷᠭᠡᠳᠬᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠣᠯᠠᠳᠠ᠂ 8 ᠰᠠᠷ᠎ᠠ ᠶᠢᠨ 30 ᠤ ᠡᠳᠦᠷ᠂ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠨᠳᠦᠰᠦᠨ ᠱᠠᠲᠤᠨ ᠤ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠠᠭᠤᠳᠠᠯ ᠤᠨ ᠬᠤᠷᠠᠯ ᠬᠢᠪᠡ᠃ | | | ᠬᠤᠷᠠᠯ ᠤᠨ ᠠᠬᠤᠶ ᠲᠠᠯᠠᠪᠠᠢ | | ᠬᠤᠷᠠᠯ ᠳᠡᠭᠡᠷ᠎ᠡ᠂ 2021 ᠣᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠠᠵᠢᠯ ᠢ ᠲᠣᠪᠴᠢ ᠲᠠᠨᠢᠯᠴᠠᠭᠤᠯᠬᠤ ᠶᠢᠨ ᠬᠠᠮᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠠᠴᠢᠯᠠᠬᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠣᠯᠠᠨ ᠨᠡᠶᠢᠲᠡ ᠶᠢᠨ ᠰᠣᠶᠣᠯ ᠤᠨᠦᠢᠯᠡᠴᠢᠯᠡᠭᠡᠨ ᠤ | ᠬᠠᠮᠤᠷᠬᠤ ᠬᠡᠪᠴᠢᠶ᠎ᠡ ᠶᠢ ᠥᠷᠭᠡᠳᠬᠡᠬᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠠᠭ᠂ ᠣᠷᠣᠨ | ᠵᠠᠶ ᠶᠢᠨ ᠬᠢᠵᠠᠭᠠᠷᠯᠠᠯ ᠢ ᠡᠪᠳᠡᠬᠦ ᠶᠢᠨ ᠴᠢᠬᠤᠯᠠ ᠴᠢᠨᠠᠷ ᠤᠨ ᠲᠤᠬᠠᠶ ᠲᠣᠳᠣᠷᠬᠠᠶᠢᠯᠠᠯᠲᠠ ᠬᠢᠪᠠ᠃ ᠬᠤᠷᠠᠯ ᠳᠤ | ᠣᠷᠣᠯᠴᠠᠭᠰᠠᠳ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠭᠰᠠᠭᠠᠯ ᠤᠨ | ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ᠂ | ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ᠂ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠵᠡᠷᠭᠡ | ᠠᠭᠤᠯᠭ᠎ᠠ ᠶᠢᠨ ᠲᠣᠭᠤᠷᠢᠨ ᠳᠤ ᠶᠠᠷᠢᠯᠴᠠᠭ᠎ᠠ ᠥᠷᠨᠢᠭᠦᠯᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠣᠨᠴᠠᠯᠢᠭ ᠪᠠ ᠠᠰᠠᠭᠤᠳᠠᠯ ᠢ ᠡᠮᠬᠢᠯᠡᠨ ᠲᠢᠭᠯᠡᠵᠦ᠂ ᠤᠳᠤ | ᠪᠠᠶᠢᠭ᠎ᠠ ᠤᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠠᠴᠢᠯᠠᠯᠲᠠ᠂ | ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠤᠯᠠᠨ ᠳᠡᠰ ᠳᠠᠪᠬᠤᠷᠭ᠎ᠠ ᠶᠢᠨ᠂ ᠤᠯᠠᠨ | ᠶᠠᠩᠵᠤᠴᠢᠯᠠᠭᠰᠠᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ | ᠬᠠᠩᠭᠠᠵᠤ᠂ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠵᠤ᠂ ᠤᠯᠠᠨ ᠲᠦᠮᠡᠨ ᠤ ᠵᠣᠯ | ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠬᠤᠳᠠ ᠶᠢᠨ ᠨᠣᠮ ᠤᠨ ᠰᠠᠩ᠂ ᠡᠯ᠎ᠡ ᠨᠡᠶᠢᠭᠡᠮ ᠲᠣᠭᠤᠷᠢᠭ᠂ ᠭᠡᠷᠡᠯᠳᠦᠠᠣᠳᠦ ᠰᠤᠮᠤ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠵᠠᠢ᠃ |