︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠰᠤᠭᠠᠢ︾ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠣᠬᠠᠮᠰᠠᠷ ᠤᠨ ᠳᠣᠰᠬᠠᠢ ᠰᠡᠳᠦᠪᠳᠦ ᠰᠠᠭᠤᠳᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/9/22
      ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠳᠣᠯᠠᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠦᠵᠡᠯ ᠰᠠᠨᠠᠭᠠᠨ ᠤ ᠰᠠᠭᠤᠷᠢ ᠪᠣᠯᠤᠨ ᠤᠨᠤᠯ ᠤᠨ ᠰᠠᠭᠤᠷᠢ ᠶᠢ ᠪᠠᠲᠤᠳᠬᠠᠵᠤ᠂ 9 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ  ᠬᠤᠷᠢᠶ᠎ᠠ ᠶᠢᠨ ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠠᠴᠠ ᠬᠤᠳᠠ ᠶᠢᠨ ᠨᠠᠮ ᠤᠨ  ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠹᠠᠨ ᠬᠤᠩ ᠶᠢᠩ ᠢ ᠤᠷᠢᠵᠤ ︽ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠢ ᠰᠠᠶᠢᠲᠤᠷ ᠬᠢᠶ᠎ᠡ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ᠃    
           ᠲᠠᠶᠢᠯᠤᠮᠵᠢ ᠶᠢᠨ ᠠᠬᠤᠶ ᠲᠠᠯᠠᠪᠠᠢ        ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠯᠧᠺᠲ᠋ᠣᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ ᠂ ᠭᠤᠣᠯ ᠠᠭᠤᠯᠭ᠎ᠠ᠂ ᠬᠢᠯᠠᠰ ᠴᠡᠭ᠂ ᠴᠢᠬᠤᠯᠠ ᠶᠡᠭᠡ ᠠᠴᠢ ᠬᠤᠯᠪᠣᠭᠳᠠᠯ ᠵᠡᠷᠭᠡ 4 ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠤᠣᠯᠳᠠᠯᠭ᠎ᠠ ᠨᠢ ᠲᠤᠪᠤᠶᠢᠮ᠎ᠠ ᠪᠠᠶᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠤᠨ ︽ᠲᠦᠷᠢᠮ︾ ᠢ ᠨᠡᠶᠢᠲᠡᠯᠡᠭᠰᠡᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠲᠦᠷᠢᠮ︾ ᠤᠨ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠬᠦ ᠳᠤ ᠢᠳᠡᠪᠬᠢᠲᠡᠢ ᠵᠢᠯᠣᠭᠤᠳᠬᠤ ᠦᠢᠯᠡᠳᠦᠯ ᠦᠵᠡᠭᠦᠯᠪᠡ᠃        ᠥᠷᠭᠡᠨ ᠣᠯᠠᠨ ᠰᠤᠷᠤᠯᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠢᠯᠡᠷᠬᠡᠶᠢᠯᠡᠬᠦ ᠳᠡᠭᠡᠨ᠂ ᠰᠢᠨ᠎ᠡ ᠴᠠᠭ ᠦᠶ᠎ᠡ ᠶᠢᠨ ᠨᠠᠮ ᠤᠨ ᠠᠯᠪᠠᠨ ᠲᠢᠩᠬᠢᠮ ᠤᠨ ᠠᠵᠢᠯᠲᠠᠨ ᠪᠣᠯᠤᠭᠰᠠᠨ ᠤ  ᠬᠤᠪᠢ ᠳᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠣᠨᠣᠪᠴᠢᠲᠠᠶ ᠤᠶᠢᠯᠠᠭᠠᠨ ᠡᠵᠡᠮᠰᠢᠵᠦ ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ︽ᠲᠦᠷᠢᠮ︾ ᠤᠨ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠤᠨ ᠳᠤᠮᠳᠠ ᠪᠠᠨ ᠠᠭᠤᠰᠬᠠᠵᠤ᠂ ︽  ᠶᠢ ᠵᠦᠪᠰᠢᠶᠡᠷᠡᠬᠦ︾ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠪᠣᠭᠤᠮᠲᠠ ᠶᠢᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠶᠡᠭᠡ ᠰᠠᠶᠢᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠨ᠎ᠠ  ᠭᠡᠪᠡ᠃        ᠬᠤᠷᠠᠯ ᠤᠨ ᠲᠠᠷᠠᠭ᠎ᠠ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠤᠨ ᠬᠢᠨ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽9 · 18︾ ᠤ ᠬᠡᠷᠡᠭ ᠬᠤᠪᠢᠰᠤᠯ ᠡᠭᠦᠰᠦᠭᠰᠡᠨ ᠶᠡᠷᠡᠨ ᠵᠢᠯ ᠤᠨ ᠤᠢ ᠶᠢ ᠳᠤᠷᠠᠰᠬᠠᠬᠤ ᠸᠢᠳᠢᠣ᠋ ᠣᠬᠤᠷ ᠹᠢᠯᠢᠮ ᠢ ᠬᠦᠯᠢᠶᠡᠨ ᠠᠪᠴᠤ ᠦᠵᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号