ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠣᠷᠣᠯᠳᠣᠭᠠᠨ ᠶᠠᠪᠤᠭᠳᠠᠪᠠ
ᠨᠡᠶᠢᠲᠡᠯᠡᠭᠰᠡᠨ ᠴᠠᠭ᠄
2021/9/22
        9 ᠰᠠᠷ᠎ᠠ ᠶᠢᠨ 17 ᠤ ᠡᠳᠦᠷ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠣᠷᠣᠯᠳᠣᠭᠠᠨ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠧᠤ ᠵᠢᠩ ᠷᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠵᠢᠴᠢ ᠬᠤᠶᠠᠳᠤᠭᠠᠷ ᠪᠠᠭ᠎ᠠ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠲᠠᠮᠢᠷ ᠤᠨ ᠣᠷᠣᠯᠳᠣᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  
  ᠤᠯᠤᠰ ᠤᠨ ᠲᠤᠭ ᠮᠠᠨᠳᠤᠭᠤᠯᠵᠤ ᠤᠯᠤᠰ ᠤᠨ ᠳᠠᠭᠤᠤ ᠬᠥᠭᠵᠢᠮᠳᠡᠬᠦ
   ᠬᠤᠲᠠ ᠶᠢᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ    ᠣᠷᠭᠢᠯᠤᠮ᠎ᠠ ᠬᠠᠯᠠᠭᠤᠨ ︽ᠲᠠᠮᠢᠷᠴᠢᠨ ᠤ ᠤᠷᠤᠭᠰᠢᠯᠠᠯᠲᠠ ᠶᠢᠨ ᠬᠥᠭᠵᠢᠮ︾ ᠢ ᠳᠠᠭᠠᠯᠳᠤᠨ᠂ ᠡᠯ᠎ᠡ ᠠᠩᠭᠢ ᠶᠢᠨ ᠵᠢᠭᠰᠠᠭᠠᠯ ᠤᠨ ᠡᠩᠨᠡᠭᠡ ᠢᠳᠡᠷᠡᠭᠦᠨ ᠠᠯᠬᠤᠭ᠎ᠠ ᠪᠠᠷ ᠲᠠᠯᠠᠪᠠᠶ ᠳᠤ ᠣᠷᠣᠪᠠ᠃ ᠤᠯᠤᠰ ᠤᠨ ᠲᠤᠭ ᠮᠠᠨᠳᠤᠭᠤᠯᠵᠤ᠂ ᠤᠯᠤᠰ ᠤᠨ ᠰᠦᠯᠳᠡ ᠳᠠᠭᠤᠤ ᠳᠠᠭᠤᠯᠠᠭᠰᠠᠨ ᠤ ᠳᠠᠷᠠᠭ᠎ᠠ᠂ ᠬᠢᠨᠠᠭᠴᠢ᠂ ᠲᠠᠮᠢᠷᠴᠢᠳ ᠤᠨ ᠲᠥᠯᠥᠭᠡᠯᠡᠭᠴᠢ ᠲᠤᠰ ᠲᠤᠰ ᠡᠬᠢᠯᠡᠯᠲᠡ ᠶᠢᠨ ᠶᠣᠰᠣᠯᠠᠯ ᠳᠡᠭᠡᠷ᠎ᠡ ᠲᠥᠪ ᠴᠢᠩᠭ᠎ᠠ ᠪᠠᠷ ᠲᠠᠩᠭᠠᠷᠢᠭᠯᠠᠪᠠ᠃  
       ᠬᠦᠬᠡ ᠲᠩᠷᠢ ᠴᠠᠭᠠᠨ ᠡᠭᠦᠯᠡᠨ ᠤ ᠳᠣᠣᠷ᠎ᠠ᠂ ᠥᠩᠭᠡᠲᠦ ᠲᠤᠭ ᠨᠠᠮᠢᠷᠠᠵᠤ᠂ ᠴᠤᠭ ᠵᠢᠪᠬᠤᠭ᠎ᠠ ᠲᠠᠢ ᠪᠢᠴᠢᠬᠠᠨ ᠲᠠᠮᠢᠷᠴᠢᠳ ᠴᠤᠭ ᠵᠢᠪᠬᠤᠭ᠎ᠠ ᠪᠠᠨ ᠪᠠᠳᠠᠷᠠᠭᠤᠯᠤᠨ᠂ ᠲᠡᠷᠢ ᠲᠡᠭᠰᠢ ᠵᠢᠭᠰᠠᠵᠤ ᠤᠷᠤᠯᠳᠤᠭᠠᠨ ᠳᠤ ᠪᠡᠯᠡᠳᠬᠡᠨ᠎ᠡ᠃ ᠤᠷᠤᠯᠳᠤᠭᠠᠨ ᠡᠬᠢᠯᠡᠭᠰᠡᠨ ᠤ ᠳᠠᠷᠠᠭ᠎ᠠ᠂ ᠬᠤᠯᠠ ᠭᠦᠶᠦᠯᠲᠡ᠂ ᠬᠤᠯᠠ ᠬᠠᠷᠠᠶᠢᠯᠲᠠ ᠵᠡᠷᠭᠡ ᠡᠯ᠎ᠡ ᠵᠦᠢᠯ ᠤᠨ ᠤᠷᠤᠯᠳᠤᠭᠠᠨ ᠳᠤ ᠪᠢᠴᠢᠬᠠᠨ ᠲᠠᠮᠢᠷᠴᠢᠳ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠵᠦ ᠪᠠᠶᠢᠯ᠎ᠠ᠃    
   ᠳᠣᠣᠷ᠎ᠠ ᠠᠩᠭᠢ ᠶᠢᠨ ᠰᠤᠷᠤᠭᠴᠢ ᠶᠢᠨ 60 ᠮᠧᠲᠷ ᠤᠨ ᠤᠷᠤᠯᠳᠤᠭᠠᠨ
 
        ᠬᠤᠯᠠ ᠬᠠᠷᠠᠶᠢᠯᠲᠠ ᠶᠢᠨ ᠤᠷᠤᠯᠳᠤᠭᠠᠨ       ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ︽ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠵᠦ᠂ ᠪᠡᠶ᠎ᠡ ᠶᠢᠨ ᠲᠠᠮᠢᠷ ᠬᠥᠭᠵᠢᠪᠡᠯ ᠤᠯᠤᠰ ᠬᠦᠴᠦᠷᠬᠡᠭᠵᠢᠨ᠎ᠡ︾ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠪᠠ ᠵᠢᠭᠠᠨ ᠰᠤᠷᠭᠠᠯᠲᠠ ᠶᠢ ᠬᠤᠶᠠᠷ ᠲᠠᠯ᠎ᠠ ᠪᠠᠷ ᠴᠢᠩᠭ᠎ᠠ ᠠᠳᠬᠤᠵᠤ᠂ ᠰᠤᠷᠤᠭᠴᠢᠳ ᠢ ᠡᠷᠡᠭᠦᠯ ᠴᠢᠭᠢᠷᠠᠭ ᠪᠡᠶ᠎ᠡ ᠮᠠᠬᠠᠪᠣᠳ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠳᠦᠷ ᠲᠤᠲᠤᠮ ᠤᠨ ᠰᠤᠷᠤᠯᠴᠠᠯᠭ᠎ᠠ ᠪᠠ ᠠᠮᠢᠳᠤᠷᠠᠯ ᠳᠤ ᠣᠷᠣᠯᠴᠠᠭᠤᠯᠵᠤ᠂ ᠪᠡᠶ᠎ᠡ ᠰᠡᠳᠬᠢᠯ ᠡᠷᠡᠭᠦᠯ ᠴᠢᠭᠢᠷᠠᠭ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠳᠠᠭ ᠦᠬᠡᠳᠡᠷᠬᠡᠭ ᠬᠦᠮᠦᠨ ᠪᠣᠯᠭᠠᠨ ᠬᠦᠮᠦᠵᠢᠬᠦᠯᠵᠦ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号