| ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 16 ᠤ ᠡᠳᠦᠷ | ᠸᠢᠳᠢᠣ᠋ ᠶᠢᠨ ᠬᠡᠯᠪᠡᠷᠢ ᠪᠠᠷ 2021 ᠣᠨ ᠤ ︽ᠳᠤᠮᠳᠠᠳᠤ ᠭᠷᠧᠭ ᠤᠨ ᠰᠣᠶᠣᠯ ᠵᠤᠭᠠᠴᠠᠯ ᠤᠨ ᠣᠨ︾ ᠤ ᠡᠬᠢᠯᠡᠯᠲᠡ ᠶᠢᠨ | ᠶᠣᠰᠣᠯᠠᠯ ᠳᠤ ᠣᠷᠣᠯᠴᠠᠵᠤ ᠦᠭᠡ ᠬᠡᠯᠡᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠥᠨᠢ ᠤᠳᠠᠭᠠᠨ ᠲᠡᠦᠬᠡ ᠨᠢ ᠳᠤᠮᠳᠠᠳᠤ ᠭᠷᠧᠭ ᠬᠤᠶᠠᠷ ᠤᠯᠤᠰ ᠲᠤ | ᠤᠳᠤᠨ ᠮᠡᠴᠢᠳ ᠮᠡᠲᠦ ᠰᠣᠶᠣᠯ ᠤᠨ ᠬᠤᠷᠠᠮᠳᠤᠭᠤᠯᠤᠯ ᠢ ᠣᠯᠭᠤᠭᠰᠠᠨ ᠪᠥᠭᠡᠳ ᠬᠤᠶᠠᠷ ᠲᠠᠯ᠎ᠠ ᠶᠢᠨ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠦᠩ ᠰᠢᠮᠡᠯᠢᠭ | ᠬᠥᠷᠥᠰᠥ ᠰᠢᠷᠣᠢ ᠬᠠᠩᠭᠠᠵᠠᠢ᠃ ᠬᠤᠶᠠᠷ ᠤᠯᠤᠰ ᠤᠨ ᠠᠷᠠᠳ ᠲᠦᠮᠡᠨ ᠬᠠᠷᠢᠯᠴᠠᠨ ᠣᠶᠢᠯᠠᠭᠠᠯᠴᠠᠵᠤ ᠬᠠᠷᠢᠯᠴᠠᠨ | ᠳᠣᠲᠣᠨᠣᠴᠢᠯᠠᠬᠤ ᠪᠣᠯ ᠬᠤᠶᠠᠷ ᠲᠠᠯ᠎ᠠ ᠶᠢᠨ ᠬᠢᠨ ᠤ ᠡᠯ᠎ᠡ ᠬᠦᠷᠢᠶᠡᠨ ᠳᠠᠬᠢ ᠡᠶ᠎ᠡ ᠨᠥᠬᠦᠷᠰᠡᠭ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢᠨ ᠣᠨᠲᠣᠷᠠᠰᠢ ᠦᠭᠡᠢ ᠬᠥᠳᠡᠯᠭᠡᠬᠦ ᠬᠦᠴᠦᠨ ᠮᠥᠨ᠃ 2019 ᠣᠨ ᠳᠤ᠂ ᠲᠡᠷᠢᠭᠦᠯᠡᠭᠴᠢ ᠰᠢ ᠶᠢᠨ | ᠫᠢᠩ ᠭᠷᠧᠭ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠬᠤᠶᠠᠷ ᠤᠯᠤᠰ ᠤᠨ | ᠬᠠᠷᠢᠴᠠᠭ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠳᠤᠮᠳᠠᠳᠤ ᠭᠷᠧᠭ ᠤᠨ ᠬᠠᠮᠲᠤᠷᠠᠯᠴᠠᠭ᠎ᠠ ᠡᠯᠪᠡᠭ ᠪᠠᠶᠠᠯᠢᠭ | ᠦᠷ᠎ᠡ ᠪᠦᠲᠦᠮᠵᠢ ᠣᠯᠣᠭᠰᠠᠨ ᠨᠢ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠠᠰᠢᠭ | ᠬᠦᠷᠲᠡᠭᠡᠵᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ | ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠬᠦᠴᠢᠷ ᠪᠡᠷᠬᠡᠲᠡᠢ ᠴᠠᠭ ᠮᠥᠴᠡ ᠶᠢ | ᠬᠠᠮᠲᠤ ᠪᠠᠷ ᠲᠤᠭᠤᠯᠵᠥ᠂ ᠳᠤᠮᠳᠠᠳᠤ ᠭᠷᠧᠭ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ ᠭᠡᠵᠡᠢ᠃ | | ᠯᠢ ᠺᠧ ᠴᠢᠶᠠᠩ ᠵᠢᠭᠠᠬᠤ ᠳᠤ ᠪᠠᠨ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ | 50 ᠵᠢᠯ ᠤᠨ ᠤᠢ ᠶᠢ ᠤᠭᠲᠤᠬᠤ ᠪᠣᠯᠤᠨ᠎ᠠ᠂ ᠳᠤᠮᠳᠠᠳᠤ ᠭᠷᠧᠭ ᠤᠨ ᠰᠣᠶᠣᠯ ᠵᠤᠭᠠᠴᠠᠯ ᠤᠨ ᠣᠨ ᠢ ᠡᠨᠡ ᠬᠦ ᠴᠢᠬᠤᠯᠠ | ᠴᠠᠭ ᠮᠥᠴᠡ ᠳᠤ ᠡᠷᠬᠢᠯᠡᠭᠰᠡᠨ ᠨᠢ ᠲᠡᠭᠦᠨ ᠤ ᠣᠨᠴᠠᠭᠠᠢ ᠠᠴᠢ ᠬᠤᠯᠪᠣᠭᠳᠠᠯ ᠢ ᠨᠡᠩ ᠢᠯᠡᠭᠦᠦ ᠬᠠᠷᠠᠭᠤᠯᠵᠤ ᠪᠠᠶᠢᠨ᠎ᠠ᠃ | ᠪᠣᠯᠪᠠᠰᠤᠨ ᠢᠶᠠᠨ ᠬᠠᠷᠢᠯᠴᠠᠨ ᠲᠣᠯᠢᠯᠠᠪᠠᠯ ᠨᠡᠩ ᠢᠯᠡᠭᠦᠦ ᠪᠠᠶᠠᠯᠢᠭᠵᠢᠨ ᠬᠥᠭᠵᠢᠵᠦ᠂ ᠠᠷᠠᠳ ᠤᠨ ᠰᠡᠳᠬᠢᠯ ᠨᠢ | ᠰᠣᠯᠢᠯᠴᠠᠭ᠎ᠠ ᠪᠠᠷ ᠳᠠᠮᠵᠢᠨ ᠤᠯᠠᠮ ᠠᠴᠠ ᠣᠶᠢᠯᠠᠭᠠᠯᠴᠠᠨ ᠨᠡᠪᠲᠡᠷᠡᠯᠴᠡᠳᠡᠭ᠃ ᠡᠨᠡ ᠤᠳᠠᠭ᠎ᠠ ᠶᠢᠨ ᠠᠵᠢᠯᠯᠠᠭ᠎ᠠ ᠨᠢ ᠳᠤᠮᠳᠠᠳᠤ | ᠭᠷᠧᠭ ᠤᠨ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠤᠯᠠᠮᠵᠢᠯᠠᠯᠲᠤ ᠨᠥᠬᠦᠷᠯᠡᠯ ᠢᠶᠠᠨ ᠭᠦᠨᠵᠡᠭᠡᠶᠢᠷᠡᠭᠦᠯᠬᠦ᠂ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠰᠢᠨ᠎ᠡ ᠬᠢᠯᠠᠰ ᠴᠡᠭ ᠪᠣᠯᠬᠤ ᠶᠢ ᠢᠲᠡᠭᠡᠵᠦ ᠪᠠᠶᠢᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠣᠳᠣᠬᠠᠨ ᠤ ᠣᠯᠠᠨ ᠤᠯᠤᠰ ᠤᠨ ᠪᠠᠶᠢᠳᠠᠯ ᠨᠠᠷᠢᠨ ᠪᠤᠳᠤᠯᠢᠶᠠᠨᠲᠠᠢ | ᠮᠥᠷᠲᠡᠭᠡᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ᠂ ᠡᠯ᠎ᠡ ᠲᠦᠷᠦᠯ ᠤᠨ ᠥᠷᠢᠰᠥᠯᠳᠦᠭᠡᠨ ᠢ ᠠᠷᠭᠠᠴᠠᠭᠠᠬᠤ | ᠴᠢᠬᠤᠯᠠᠲᠠᠢ ᠮᠥᠷᠲᠡᠭᠡᠨ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ᠃ ᠪᠣᠯᠪᠠᠰᠤᠨ ᠤ | ᠰᠣᠯᠢᠯᠴᠠᠭ᠎ᠠ ᠲᠣᠯᠢᠯᠠᠭᠤᠯᠤᠯᠲᠠ ᠶᠢ ᠠᠬᠢᠭᠤᠯᠬᠤ ᠪᠣᠯ ᠪᠢᠳᠡᠨ ᠤ ᠤᠶᠤᠨ ᠤᠬᠠᠭᠠᠨ ᠪᠠ ᠬᠦᠴᠦᠨ ᠴᠢᠳᠠᠯ ᠤᠯᠬᠤ ᠶᠢᠨ | ᠦᠨᠳᠦᠰᠦᠨ ᠠᠷᠭ᠎ᠠ ᠵᠠᠮ ᠪᠣᠯᠤᠨ᠎ᠠ᠃ ᠳᠤᠮᠳᠠᠳᠤ ᠤᠯᠤᠰ ᠪᠣᠯᠤᠨ ᠭᠷᠧᠭ ᠤᠨ ᠬᠢᠨ ᠬᠥᠮᠦᠨ ᠲᠥᠷᠥᠯᠬᠢᠲᠡᠨ ᠤ ᠲᠡᠦᠬᠡ ᠶᠢᠨ | ᠬᠥᠭᠵᠢᠯᠲᠡ ᠪᠣᠯᠤᠨ ᠪᠣᠯᠪᠠᠰᠤᠨ ᠤ ᠲᠠᠪᠰᠢᠯᠳᠠ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠭᠠᠷ ᠭᠠᠷ ᠢᠶᠠᠨ | ᠬᠤᠯᠪᠣᠯᠴᠠᠨ ᠴᠢᠷᠮᠠᠶᠢᠵᠤ᠂ ᠬᠤᠶᠠᠷ ᠤᠯᠤᠰ ᠤᠨ ᠥᠨᠢ ᠡᠷᠲᠡᠨ ᠤ ᠤᠶᠤᠨ ᠤᠬᠠᠭᠠᠨ ᠤ ᠣᠬᠢ ᠰᠣᠳᠣ᠂ ᠠᠷᠠᠳ ᠤᠨ | ᠰᠡᠳᠬᠢᠯ ᠤᠨ ᠲᠣᠲᠣᠨᠣᠰᠤᠭ ᠣᠶᠢᠯᠠᠭᠠᠯᠴᠠᠭ᠎ᠠ᠂ ᠪᠣᠯᠪᠠᠰᠤᠨ ᠤ ᠰᠣᠯᠢᠯᠴᠠᠭ᠎ᠠ ᠠᠭᠤᠰᠤᠯᠴᠠᠯ ᠤᠨ ᠦᠷ᠎ᠡ ᠪᠦᠲᠦᠭᠡᠯ ᠢ ᠨᠡᠩ | ᠭᠡᠷᠡᠯ ᠰᠠᠴᠤᠷᠠᠩᠭᠤᠢ ᠪᠣᠯᠭᠠᠬᠤ ᠬᠡᠷᠡᠭᠲᠡᠢ ᠭᠡᠵᠡᠢ᠃ | ᠭᠷᠧᠭ ᠤᠨ ᠶᠡᠷᠦᠩᠬᠡᠢ ᠰᠠᠶᠢᠳ ᠮᠢᠽᠣᠸ᠋ᠲ᠋ᠠᠺᠢᠰ ᠸᠢᠳᠢᠣ᠋ ᠪᠠᠷ ᠪᠠᠶᠠᠷ ᠤᠨ ᠦᠭᠡ ᠬᠡᠯᠡᠪᠡ᠃ |