| | ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯ ᠲᠦᠭ ᠲᠦᠮᠡᠨ ᠠᠶᠢᠯ ᠡᠷᠦᠬᠡ ᠶᠢᠨ ᠲᠡᠷᠭᠡᠯ ᠪᠠᠶᠠᠷ ᠮᠥᠨ᠂ | ᠭᠡᠪᠡᠴᠦ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠳᠤ ᠠᠪᠴᠤ ᠬᠡᠯᠡᠪᠡᠯ᠂ ᠲᠡᠳᠡ | ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ᠂ ᠰᠠᠭᠠᠳ | ᠦᠭᠡᠶ ᠨᠡᠪᠲᠡᠷᠡᠬᠦ ᠶᠢ ᠪᠠᠳᠣᠯᠠᠳᠠᠭ᠃ | | | | | | | ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠣᠯᠠᠨ ᠲᠦᠮᠡᠨ ᠤ ᠬᠠᠮᠲᠤ ᠪᠠᠷ ᠨᠠᠶᠢᠷᠯᠠᠬᠤ | ᠠᠵᠢᠯᠯᠠᠭ᠎ᠠ ᠣᠯᠠᠰᠢᠷᠠᠵᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠴᠤ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ ᠰᠥᠨᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠠᠷᠢᠬᠢ ᠤᠤᠭᠤᠵᠤ | ᠲᠡᠷᠭᠡ ᠵᠢᠯᠣᠭᠤᠳᠬᠤ᠂ ᠦᠨᠡᠮᠯᠡᠯ ᠥᠬᠡᠶ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠵᠢᠴᠢ ᠪᠠᠶᠠᠷ | ᠳᠤᠷᠠᠰᠬᠠᠯ ᠤᠨ ᠡᠳᠦᠷ ᠲᠤ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ ᠳᠤ | ᠠᠮᠠᠷᠬᠠᠨ ᠡᠭᠦᠰᠬᠦ ᠴᠠᠭ᠂ ᠭᠠᠵᠠᠷ ᠣᠷᠣᠨ ᠳᠤ ᠴᠢᠭᠯᠡᠭᠦᠯᠦᠨ᠂ ᠤᠷᠢᠳᠴᠢᠯᠠᠨ ᠪᠠᠶᠢᠴᠠᠭᠠᠵᠦ᠂ ᠴᠠᠭᠳᠠᠭᠠᠨ ᠤ ᠬᠦᠴᠦᠨ ᠢ | ᠰᠢᠨᠵᠢᠯᠡᠬᠦ ᠤᠬᠠᠭᠠᠨᠴᠢ ᠪᠠᠷ ᠳᠣᠬᠢᠷᠠᠭᠤᠯᠵᠦ᠂ ᠢᠳᠡᠭᠡᠨ ᠤᠮᠳᠠᠭᠠᠨ᠂ ᠵᠤᠭ᠎ᠠ ᠴᠡᠩᠭᠡᠯ ᠤᠨ ᠭᠠᠵᠠᠷ ᠤᠨ ᠡᠷᠭᠢᠨ ᠲᠣᠭᠤᠷᠢᠨ ᠤ | ᠵᠠᠮ ᠤᠨ ᠬᠡᠰᠡᠭ ᠲᠤ ᠲᠣᠭᠲᠠᠮᠠᠯ ᠪᠠᠶᠢᠴᠠᠭᠠᠯᠲᠠ ᠬᠢᠬᠦ ᠪᠠ ᠲᠣᠭᠤᠷᠢᠨ ᠴᠠᠭᠳᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢ ᠨᠢᠭᠡ ᠨᠢᠭᠡ ᠪᠠᠷ ᠪᠠᠶᠢᠴᠠᠭᠠᠵᠤ᠂ ᠠᠷᠢᠬᠢ ᠤᠤᠭᠤᠵᠤ | ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠪᠠᠷᠢᠮᠵᠢᠶ᠎ᠠ ᠠᠴᠠ ᠬᠡᠲᠦᠷᠡᠭᠦᠯᠬᠦ᠂ ᠫᠠᠶᠢᠰᠠ ᠦᠨᠡᠮᠯᠡᠯ ᠳᠤ | ᠬᠤᠯᠪᠣᠭᠳᠠᠬᠤ᠂ ᠬᠠᠤᠯᠢ ᠠᠴᠠ ᠵᠥᠷᠢᠴᠡᠨ ᠬᠥᠮᠦᠨ ᠰᠠᠭᠤᠯᠭᠠᠬᠤ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠵᠠᠮ ᠳᠡᠭᠡᠷᠡᠬᠢ | ᠬᠠᠮᠢᠶᠠᠷᠤᠨ ᠡᠵᠡᠮᠳᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠢᠭᠡ ᠶᠢ ᠢᠯᠡᠷᠡᠭᠦᠯᠪᠡᠯ ᠨᠢᠭᠡ ᠶᠢ ᠬᠠᠤᠯᠢ | ᠶᠣᠰᠣᠭᠠᠷ ᠰᠢᠢᠳᠪᠣᠷᠢᠯᠡᠬᠦ ᠶᠢ ᠡᠷᠡᠰ ᠪᠡᠶᠡᠯᠡᠭᠦᠯᠵᠦ᠂ ᠥᠨᠳᠥᠷ ᠳᠠᠷᠤᠯᠲᠠᠲᠤ ᠴᠢᠩᠭ᠎ᠠ ᠬᠠᠮᠢᠶᠠᠷᠬᠤ ᠪᠠᠶᠢᠳᠠᠯ ᠢ ᠪᠣᠶ ᠪᠣᠯᠭᠠᠨ᠎ᠠ | ᠃ | | | | | | ᠲᠣᠰ ᠤᠳᠠᠭᠠᠨ ᠤ ᠠᠵᠢᠯᠯᠠᠭ᠎ᠠ ᠨᠢ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠬᠦᠨᠳᠦ ᠨᠣᠴᠢᠲᠠᠶ | ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠣᠷᠴᠢᠨ | ᠨᠥᠬᠦᠴᠡᠯ ᠢ ᠴᠡᠪᠡᠷᠰᠢᠭᠦᠯᠵᠦ᠂ ᠠᠷᠢᠬᠢ ᠤᠤᠭᠤᠭᠰᠠᠨ ᠤ ᠳᠠᠷᠠᠭᠠᠬᠢ ᠮᠠᠰᠢᠨ ᠪᠠᠷᠢᠬᠤ ᠵᠢᠯᠣᠭᠤᠴᠢ ᠳᠤ ᠬᠦᠴᠦᠲᠡᠶ | ᠰᠦᠷᠳᠡᠭᠦᠯᠦᠯ ᠪᠣᠯᠵᠣ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ | ᠪᠠᠲᠤᠯᠠᠭᠰᠠᠨ ᠪᠠᠶᠢᠨ᠎ᠠ᠃ | |