【 ᠳᠡᠷᠭᠡᠳᠡᠬᠢ ᠳᠠᠭᠤᠷᠢᠶᠠᠯ 】 ᠬᠢᠯᠢ ᠶᠢᠨ ᠰᠠᠬᠢᠭᠴᠢ᠂ ᠬᠢᠯᠢ ᠶᠢᠨ ᠪᠠᠬᠢᠯᠡᠯᠲᠡ ᠶᠢᠨ ᠡᠷᠦᠬᠡ᠄ ᠦᠯᠵᠡᠶᠢᠪᠠᠶᠠᠷ
ᠨᠡᠶᠢᠲᠡᠯᠡᠭᠰᠡᠨ ᠴᠠᠭ᠄
2021/9/24
       ᠮᠣᠩᠭᠤᠯ ᠬᠡᠷ ᠨᠢᠭᠡᠪᠦᠷᠢ ᠨᠢ ᠴᠥᠮ ᠨᠡᠭᠦᠳᠡᠯ ᠬᠠᠷᠠᠭᠤᠯ ᠤᠨ ᠭᠠᠵᠠᠷ ᠪᠠᠶᠢᠵᠤ᠂  ᠬᠢᠯᠢ ᠶᠢᠨ ᠮᠠᠯᠴᠢᠨ ᠨᠢᠭᠡᠪᠦᠷᠢ ᠨᠢ ᠴᠥᠮ ᠬᠠᠷᠠᠭᠤᠯ ᠤᠨ ᠴᠡᠷᠢᠭ ᠪᠣᠯᠤᠨ᠎ᠠ᠃
       ᠮᠠᠨ ᠤ ᠬᠤᠲᠠ ᠡᠬᠡ ᠤᠯᠤᠰ ᠤᠨ ᠤᠮᠠᠷᠠᠲᠤ ᠬᠡᠰᠡᠭ ᠲᠤ ᠪᠠᠶᠢᠷᠢᠯᠠᠵᠤ᠂ ᠬᠢᠯᠢ ᠶᠢᠨ ᠱᠤᠭᠤᠮ ᠤᠨ ᠣᠷᠳᠣ ᠨᠢ 72.3 ᠺᠢᠯᠣᠮᠧᠲᠷ ᠪᠣᠯᠤᠨ᠎ᠠ᠃ ᠭᠡᠷᠡᠯᠳᠣᠠᠣᠳᠦ ᠰᠤᠮᠤ ᠶᠢᠨ ᠡᠷᠳᠡᠨᠢᠭᠤᠪᠢ ᠭᠠᠴᠠᠭ᠎ᠠ ᠶᠢᠨ ᠮᠠᠯᠴᠢᠨ ᠦᠯᠵᠡᠶᠢᠪᠠᠶᠠᠷ ᠬᠢᠯᠢ ᠶᠢᠨ ᠪᠠᠬᠢᠯᠡᠯᠲᠡ ᠶᠢᠨ ᠡᠷᠦᠬᠡ ᠶᠢᠨ ᠨᠢᠭᠡ ᠪᠣᠯᠤᠭᠰᠠᠨ ᠤ ᠬᠤᠪᠢ ᠳᠤ᠂ ᠤᠯᠠᠨ ᠵᠢᠯ ᠤᠨ ᠲᠤᠷᠰᠢ᠂ ᠬᠢᠯᠢ ᠬᠢᠵᠠᠭᠠᠷ ᠢᠶᠠᠨ ᠴᠢᠮᠡᠭᠡ ᠢᠮᠡᠭᠡ ᠦᠭᠡᠢ ᠪᠠᠷ ᠰᠠᠬᠢᠨ ᠬᠠᠮᠠᠭᠠᠯᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠵᠠᠢ᠃      ᠥᠯᠵᠡᠶᠢᠪᠠᠶᠠᠷ ᠤᠨ ᠭᠡᠷ ᠨᠢ ᠳᠤᠮᠳᠠᠳᠤ ᠮᠣᠩᠭᠤᠯ ᠤᠨ ᠬᠢᠯᠢ ᠠᠴᠠ 20 ᠭᠠᠷᠤᠶ ᠺᠢᠯᠣᠮᠧᠲᠷ ᠯᠡ ᠵᠠᠶᠢᠲᠠᠶ ᠪᠠᠶᠢᠳᠠᠭ᠃ ᠣᠷᠣᠨ ᠪᠠᠶᠢᠷᠢ ᠨᠢ ᠲᠦᠢᠯ ᠤᠨ ᠴᠢᠬᠤᠯᠠ ᠪᠣᠯᠬᠤᠷ ᠲᠡᠳᠡᠨ ᠤ ᠬᠡᠷ ᠨᠢ ︽ᠲᠠᠯ᠎ᠠ ᠨᠤᠲᠤᠭ ᠤᠨ 110 ᠰᠡᠷᠡᠮᠵᠢ ᠶᠢᠨ ᠳᠣᠬᠢᠶᠠᠨ ᠤ ᠴᠡᠭ︾ ᠪᠣᠯᠵᠣ᠂ ᠲᠡᠷᠡ ᠥᠪᠡᠷ ᠢᠶᠠᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠨᠢᠭᠡᠨ ᠨᠡᠭᠦᠳᠡᠯ ᠬᠠᠷᠠᠭᠤᠯ ᠤᠨ ᠴᠡᠷᠢᠭ ᠪᠣᠯᠤᠭᠰᠠᠨ ᠪᠠᠶᠢᠨ᠎ᠠ᠃ ᠬᠥᠮᠦᠨ ᠠᠮᠠ ᠴᠥᠭᠡᠨ ᠲᠠᠢ ᠬᠢᠯᠢ ᠶᠢᠨ ᠱᠤᠭᠤᠮ ᠤᠨ ᠬᠠᠪᠢ ᠪᠠᠷ ᠠᠯᠢ ᠭᠤᠤ ᠭᠠᠩᠭ᠎ᠠ ᠳᠤ ᠬᠥᠮᠦᠨ ᠨᠢᠭᠤᠵᠤ ᠳᠡᠶᠢᠯᠬᠦ᠂ ᠠᠯᠢ ᠭᠠᠵᠠᠷ ᠲᠤ ᠳᠣᠪᠣᠴᠠᠭ ᠪᠠᠶᠢᠬᠤ ᠶᠢ ᠦᠯᠵᠡᠶᠢᠪᠠᠶᠠᠷ ᠪᠦᠷ ᠮᠡᠳᠡᠨ᠎ᠡ᠃ ᠬᠢᠯᠢ ᠶᠢᠨ ᠱᠤᠭᠤᠮ ᠤᠨ ᠠᠮᠤᠷ ᠲᠦᠪᠰᠢᠨ ᠢ ᠪᠠᠲᠤᠯᠠᠬᠤ ᠶᠢᠨ ᠳᠣᠯᠠᠳᠠ᠂ ᠲᠡᠷᠡ ᠵᠠᠷᠢᠮ ᠳᠠᠭᠠᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠢ ᠬᠠᠮᠲᠤ ᠲᠣᠭᠤᠷᠢᠨ ᠴᠠᠭᠳᠠᠳᠠᠭ᠃ ᠨᠢᠭᠡᠨ ᠥᠷᠯᠥᠭᠡ᠂ ᠦᠯᠵᠡᠶᠢᠪᠠᠶᠠᠷ ᠬᠤᠲᠠ ᠶᠢᠨ ᠭᠡᠷᠡᠯᠳᠣᠠᠣᠳᠦ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠤᠲᠠᠰᠤ ᠶᠢ ᠲᠤᠰᠴᠤ᠂ ᠲᠡᠭᠦᠨ ᠲᠠᠢ ᠬᠠᠮᠲᠤ ᠬᠢᠯᠢ ᠶᠢᠨ ᠴᠠᠭᠳᠠᠯᠲᠠ ᠬᠢᠬᠦ ᠪᠠᠷ ᠪᠣᠯᠵᠣᠵᠠᠶ᠃ ᠡᠨᠡ ᠦᠶ᠎ᠡ ᠳᠤ᠂ ᠦᠯᠵᠡᠶᠢᠪᠠᠶᠠᠷ 70 ᠺᠢᠯᠣᠮᠧᠲᠷ ᠬᠤᠯᠠ ᠪᠠᠶᠢᠭ᠎ᠠ ᠵᠤᠨ ᠤ ᠤᠯᠠᠷᠢᠯ ᠤᠨ ᠮᠠᠯᠵᠢᠯ ᠤᠨ ᠲᠠᠯᠠᠪᠠᠢ ᠳᠤ ᠮᠠᠯ ᠮᠠᠯᠵᠢᠵᠤ ᠪᠠᠶᠢᠯ᠎ᠠ᠃ ᠭᠡᠪᠡᠴᠦ ᠤᠲᠠᠰᠤ ᠳᠤᠰᠤᠮᠠᠭᠴᠠ ᠲᠡᠷᠡ ᠥᠴᠦᠬᠡᠨ ᠴᠦ ᠲᠠᠲᠠᠭᠠᠯᠵᠠᠭᠰᠠᠨ ᠦᠭᠡᠢ ᠪᠠᠷ ᠲᠡᠷᠭᠡ ᠪᠠᠨ ᠵᠢᠯᠣᠭᠤᠳᠤᠨ ᠮᠠᠯᠵᠢᠯ ᠤᠨ ᠲᠠᠯᠠᠪᠠᠢ ᠠᠴᠠ ᠪᠤᠴᠠᠨ ᠢᠷᠡᠵᠦ᠂ ᠠᠷᠠᠳ ᠤᠨ ᠴᠠᠭᠳᠠᠭ᠎ᠠ ᠲᠠᠢ ᠬᠠᠮᠵᠢᠯᠴᠠᠨ ᠡᠨᠡ ᠤᠳᠠᠭ᠎ᠠ ᠶᠢᠨ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
       ᠥᠯᠵᠡᠶᠢᠪᠠᠶᠠᠷ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠦᠷᠦᠭᠦᠤ ᠵᠠᠭᠤᠨ ᠤ ᠨᠠᠶᠠᠭᠠᠳ ᠣᠨ ᠤ ᠦᠶ᠎ᠡ ᠳᠤ᠂ ᠲᠠᠯ᠎ᠠ ᠨᠤᠲᠤᠭ ᠲᠤ ᠮᠠᠯ ᠣᠨᠤᠭ᠎ᠠ ᠬᠤᠯᠠᠭᠠᠶᠢᠯᠠᠵᠤ ᠲᠠᠭᠤᠬᠤ᠂ ᠬᠢᠯᠢ ᠳᠠᠪᠠᠵᠤ ᠬᠤᠯᠠᠭᠠᠶ ᠠᠪᠠ ᠬᠢᠬᠦ᠂ ᠠᠷᠠᠰᠤ ᠨᠣᠤᠰᠣ ᠶᠢ ᠨᠢᠭᠤᠴᠠ ᠪᠠᠷ ᠠᠷᠠᠯᠵᠢᠶᠠᠯᠠᠬᠤ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠪᠠᠶᠢᠨ ᠳᠠᠬᠢᠨ ᠭᠠᠷᠴᠤ ᠪᠠᠶᠢᠪᠠ᠃ ᠤᠯᠠᠨ ᠵᠢᠯ ᠤᠨ ᠡᠷᠦᠭᠡ ᠶᠢᠨ ᠴᠡᠷᠢᠭ ᠤᠨ ᠠᠵᠢᠯ ᠤᠨ ᠲᠤᠷᠰᠢᠯᠭ᠎ᠠ ᠪᠠᠷ ᠢᠶᠠᠨ ᠦᠯᠵᠡᠶᠢᠪᠠᠶᠠᠷ ᠶᠡᠷᠦ ᠪᠤᠰᠤ ᠶᠢᠨ ᠪᠠᠶᠢᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠵᠦ᠂ ᠪᠠᠰᠠ ᠦᠷᠭᠦᠯᠵᠢ ᠪᠤᠰᠤᠳ ᠮᠠᠯᠴᠢᠳ ᠢ ᠬᠠᠪᠰᠤᠷᠤᠨ ᠠᠯᠳᠠᠭᠰᠠᠨ ᠦᠬᠡᠷ ᠬᠤᠨᠢ ᠶᠢ ᠨᠢ ᠡᠷᠢᠵᠦ ᠥᠭᠲᠡᠭ᠃ ᠲᠡᠭᠦᠨ ᠤ ᠵᠢᠯ ᠪᠦᠷᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠳᠤ ᠬᠠᠩᠭᠠᠵᠤ ᠪᠠᠶᠢᠭ᠎ᠠ ᠬᠡᠷᠡᠭ ᠤᠨ ᠰᠦᠪᠡᠭᠴᠢ ᠨᠢ 30 ᠭᠠᠷᠤᠶ ᠪᠠᠶᠢᠳᠠᠭ᠃ ᠲᠡᠷᠡ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠤ ᠬᠠᠮᠵᠢᠨ ᠮᠠᠯᠴᠢᠨ ᠤ ᠠᠳᠤᠭᠤᠨ ᠰᠦᠷᠦᠭ ᠢ ᠬᠤᠯᠠᠭᠠᠶᠢᠯᠠᠨ ᠬᠥᠭᠡᠭᠡᠬᠦ ᠪᠠᠷ ᠤᠷᠤᠯᠳᠤᠭᠰᠠᠨ 2 ᠰᠡᠵᠢᠭᠳᠡᠨ ᠢ ᠠᠮᠵᠢᠯᠲᠠᠲᠠᠶ ᠪᠠᠷᠢᠪᠴᠢᠯᠠᠵᠤ᠂  ᠬᠢᠯᠢ ᠪᠠᠷ ᠬᠤᠯᠠᠭᠤᠨ ᠭᠠᠲᠤᠯᠬᠤ 3 ᠰᠡᠵᠢᠭᠳᠡᠨ ᠢ ᠪᠠᠷᠢᠪᠴᠢᠯᠠᠵᠠᠶ᠃
     ᠥᠯᠵᠡᠶᠢᠪᠠᠶᠠᠷ ᠬᠡᠳᠦᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ — ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠤᠬᠠᠭᠤᠯᠤᠭᠴᠢ᠂ ᠲᠦᠷᠦᠭᠦᠯᠡᠨ ᠪᠠᠶᠠᠵᠢᠭᠰᠠᠨ ᠵᠢᠱᠢᠶ᠎ᠡ ᠦᠵᠡᠭᠦᠯᠦᠭᠴᠢ᠂ ᠨᠠᠮ ᠤᠨ ᠭᠡᠰᠢᠭᠦᠨ ᠤ ᠭᠤᠣᠯ ᠡᠷᠦᠬᠡ ᠁ ᠡᠷᠳᠡᠨᠢᠭᠤᠪᠢ ᠭᠠᠴᠠᠭ᠎ᠠ ᠶᠢᠨ ᠳᠠᠷᠤᠭ᠎ᠠ ᠶᠢᠨ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠡᠷᠡ ︽ᠨᠠᠮ ᠤᠨ ᠡᠭᠦᠷ + ᠨᠠᠮ ᠤᠨ ᠭᠡᠰᠢᠭᠦᠨ ᠤ ᠭᠤᠣᠯ ᠡᠷᠦᠬᠡ + ᠮᠠᠯᠴᠢᠳ + ᠬᠤᠷᠰᠢᠶ᠎ᠠ︾ ᠶᠢᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠤᠨᠴᠠᠯᠢᠬᠳᠤ ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠵᠤᠭᠠᠴᠠᠯ ᠤᠨ ᠬᠤᠷᠰᠢᠶ᠎ᠠ ᠪᠠᠶᠢᠭᠤᠯᠵᠤ᠂ ᠡᠷᠬᠢᠨ ᠲᠣᠭᠤᠷᠢᠨ ᠤ ᠮᠠᠯᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃ ᠥᠯᠵᠡᠶᠢᠪᠠᠶᠠᠷ ᠪᠣᠯ ᠠᠷᠪᠠ ᠭᠠᠷᠤᠶ ᠵᠢᠯ ᠨᠠᠮ ᠳᠤ ᠤᠷᠤᠭᠰᠠᠨ ᠠᠬᠠᠮᠠᠳ ᠨᠠᠮ ᠤᠨ ᠭᠡᠰᠢᠭᠦᠨ ᠪᠣᠯᠤᠨ᠎ᠠ᠃ ᠨᠢᠭᠡᠨ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠤᠯᠠᠨ ᠤᠳᠠᠭ᠎ᠠ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ᠂ ᠥᠨᠥᠴᠢᠨ ᠪᠡᠯᠪᠡᠰᠦᠨ ᠨᠠᠰᠤᠲᠠᠨ ᠢ ᠲᠣᠬᠤᠨᠢᠭᠤᠯᠵᠤ᠂ ᠶᠠᠳᠠᠭᠤ ᠬᠦᠴᠢᠷᠳᠡᠯᠲᠡᠢ ᠰᠤᠷᠤᠭᠴᠢᠳ ᠲᠤ ᠵᠣᠭᠤᠰ ᠮᠥᠩᠭᠦ ᠬᠠᠨᠳᠢᠪᠯᠠᠵᠤ ᠰᠤᠷᠤᠯᠭ᠎ᠠ ᠶᠢ ᠲᠡᠳᠬᠦᠪᠡ ᠁ ᠬᠦᠯ ᠳᠣᠣᠷᠠᠬᠢ ᠲᠠᠯ᠎ᠠ ᠨᠤᠲᠤᠭ ᠢᠶᠠᠨ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠰᠠᠬᠢᠨ ᠬᠠᠮᠠᠭᠠᠯᠠᠪᠠ᠃    ᠦᠯᠵᠡᠶᠢᠪᠠᠶᠠᠷ ᠤᠨ ᠤᠭ ᠰᠠᠨᠠᠭ᠎ᠠ ᠪᠠᠨ ᠪᠠᠲᠤ ᠰᠠᠬᠢᠬᠤ ᠵᠣᠷᠢᠭ ᠰᠠᠨᠠᠭ᠎ᠠ ᠨᠢ ᠮᠠᠰᠢ ᠤᠯᠠᠨ ᠬᠥᠮᠦᠰ ᠢ ᠨᠥᠯᠥᠭᠡᠯᠡᠵᠦ᠂ ᠮᠠᠰᠢ ᠤᠯᠠᠨ ᠬᠥᠮᠦᠰ ᠨᠡᠷ᠎ᠡ ᠠᠯᠳᠠᠷ ᠢ ᠨᠢ ᠰᠣᠨᠣᠰᠤᠭᠠᠳ ᠲᠡᠭᠦᠨ ᠠᠴᠠ ᠰᠤᠷᠤᠯᠴᠠᠬᠤ ᠪᠠᠷ ᠢᠷᠡᠵᠤ᠂ ᠵᠠᠷᠢᠮ ᠰᠣᠨᠢᠨ ᠮᠡᠳᠡᠭᠡᠨ ᠤ ᠵᠠᠭᠤᠴᠢᠯᠠᠭᠤᠷ ᠨᠢ ᠲᠡᠭᠦᠨ ᠤ ᠦᠢᠯᠡ ᠠᠵᠢᠯᠯᠠᠭ᠎ᠠ ᠶᠢ ᠤᠷᠢᠳ ᠬᠤᠵᠢᠳ ᠤᠬᠠᠭᠤᠯᠤᠨ ᠮᠡᠳᠡᠭᠡᠯᠡᠭᠰᠡᠨ ᠪᠠᠶᠢᠨ᠎ᠠ᠃ 30 ᠭᠠᠷᠤᠢ ᠵᠢᠯ ᠤᠨ ᠪᠠᠲᠤ ᠰᠠᠬᠢᠯ ᠨᠢ ᠣᠨ ᠰᠠᠷ᠎ᠠ ᠶᠢᠨ ᠤᠯᠠᠷᠢᠯ ᠬᠤᠪᠢᠷᠠᠯ ᠢ ᠠᠭᠠᠵᠢᠮ ᠢᠶᠠᠷ  ᠬᠤᠪᠢᠷᠠᠭᠤᠯᠣᠭᠰᠠᠨ ᠴᠦ᠂ ᠦᠯᠵᠢᠪᠠᠶᠠᠷ ᠤᠨ ᠤᠯᠤᠰ ᠭᠡᠷ ᠢᠶᠠᠨ ᠭᠡᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠡᠵᠢᠶᠡᠳᠡ  ᠬᠤᠪᠢᠷᠠᠭᠤᠯᠵᠦ ᠴᠢᠳᠠᠬᠤ ᠦᠭᠡᠢ᠂ ᠲᠡᠷᠡ ᠥᠪᠡᠷ ᠤᠨ ᠭᠠᠯ ᠬᠠᠯᠠᠭᠤᠨ ᠤᠯᠠᠭᠠᠨ ᠵᠢᠷᠦᠬᠡ ᠪᠠᠨ ᠲᠠᠯ᠎ᠠ ᠨᠤᠲᠤᠭ ᠪᠠ  ᠬᠢᠯᠢ ᠬᠢᠵᠠᠭᠠᠷ ᠢ ᠰᠠᠬᠢᠨ ᠬᠠᠮᠠᠭᠠᠯᠠᠬᠤ  ᠦᠢᠯᠡᠰ ᠲᠤ ᠵᠣᠷᠢᠭᠤᠯᠵᠠᠢ᠃
   
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号