| | 9 ᠳ᠋ᠦ᠋ᠭᠡᠷ ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠦ ᠰᠢᠨ | ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠢᠦᠢ ᠯᠢᠨ | ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠥᠭᠡᠷᠡᠴᠢᠯᠡᠯᠲᠡ ᠨᠡᠭᠡᠭᠡᠯᠳᠡ ᠶᠢ ᠶᠡᠭᠡ ᠪᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ | ᠵᠠᠢ ᠳᠤ ᠪᠠᠶᠢᠯᠭᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠴᠢᠨᠠᠷᠯᠢᠭ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ | ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ ᠴᠢᠶᠠᠩ ᠢᠦᠶ ᠴᠠᠢ ᠪᠦᠯᠦᠭᠯᠡᠯ ᠳᠤ | ᠠᠵᠢᠯ ᠪᠠᠶᠢᠴᠠᠭᠠᠵᠤ ᠪᠠᠶᠢᠭ᠎ᠠ ᠨᠢ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠯᠢ ᠺᠧ ᠴᠢᠶᠠᠩ ᠢᠦᠢ ᠴᠠᠢ ᠪᠦᠯᠦᠭᠯᠡᠯ ᠳᠤ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠨᠢ ᠤᠯᠤᠰ ᠤᠨ ᠭᠠᠶᠢᠯᠢ | ᠰᠦᠢᠳᠬᠡᠯ ᠢ ᠬᠠᠰᠤᠵᠤ ᠬᠡᠯᠲᠦᠷᠢᠭᠦᠯᠬᠦ ᠲᠣᠭᠲᠠᠭᠠᠯ ᠳᠤᠮᠳᠠ ᠠᠴᠠ ᠮᠠᠰᠢ ᠶᠡᠭᠡ ᠠᠰᠢᠭ ᠬᠦᠷᠳᠡᠭᠰᠡᠨ ᠢ ᠣᠯᠵᠤ ᠮᠡᠳᠡᠭᠡᠳ᠂ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠪᠠᠶᠢᠭ᠎ᠠ ᠨᠢ ᠳᠠᠷᠤᠢ ᠠᠵᠤ ᠠᠬᠤᠶᠢᠯᠠᠯ ᠤᠨ ᠠᠴᠢᠶ᠎ᠠ ᠶᠢ ᠬᠥᠩᠭᠡᠯᠡᠨ | ᠤᠷᠤᠭᠰᠢᠯᠠᠭᠤᠯᠬᠤ ᠶᠢᠨ ᠲᠥᠯᠥᠭᠡ ᠶᠤᠮ᠂ ᠠᠵᠤ ᠠᠬᠤᠶᠢᠯᠠᠯ ᠰᠠᠶᠢᠲᠤᠷ ᠬᠥᠭᠵᠢᠪᠡᠯ ᠤᠯᠤᠰ ᠣᠷᠣᠨ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃ ᠯᠢ ᠺᠧ ᠴᠢᠶᠠᠩ ᠢᠦᠢ ᠴᠠᠢ ᠶᠢᠨ ᠢᠵᠢ ᠪᠦᠷᠢᠳᠦᠭᠦᠯᠦᠭᠰᠡᠨ ᠵᠢᠵᠢᠭ | ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠶᠠᠷᠢᠯᠴᠠᠵᠤ᠂ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ ᠲᠡᠷᠡ | ᠬᠡᠯᠡᠬᠦ ᠳᠤ ᠪᠠᠨ᠂ ᠵᠢᠵᠢᠭ ᠠᠵᠤ ᠠᠬᠤᠶᠢᠯᠠᠯ ᠥᠷᠭᠡᠨ ᠬᠡᠪᠴᠢᠶ᠎ᠡ ᠪᠠᠷ ᠲᠠᠷᠬᠠᠨ᠂ ᠲᠤᠮᠤ ᠠᠵᠤ ᠠᠬᠤᠶᠢᠯᠠᠯ ᠳᠤ ᠴᠢᠬᠤᠯᠠ | ᠪᠦᠬᠦᠢ ᠲᠤᠯᠭᠠᠭᠤᠷᠢᠯᠠᠯ ᠬᠠᠩᠭᠠᠵᠤ᠂ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠡᠭᠡ ᠬᠡᠮᠵᠢᠶᠡᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠤ ᠠᠷᠤ ᠳᠤ ᠲᠦᠭ ᠲᠦᠮᠡᠨ ᠭᠡᠷ | ᠪᠦᠯᠢ ᠶᠢᠨ ᠠᠮᠢᠳᠤᠷᠠᠯ ᠪᠣᠯᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠲᠠᠢ ᠬᠤᠯᠪᠣᠭᠳᠠᠵᠤ ᠪᠠᠶᠢᠨ᠎ᠠ᠃ ᠲᠠ ᠨᠠᠷ ᠤᠨ | ᠲᠤᠰᠬᠠᠭᠰᠠᠨ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠥᠰᠦᠭᠰᠡᠨ ᠵᠡᠷᠭᠡ ᠠᠰᠠᠭᠤᠳᠠᠯ ᠳᠤ ᠤᠯᠤᠰ ᠠᠴᠠ | ᠦᠷᠭᠦᠯᠵᠢᠯᠡᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠶᠢ ᠨᠡᠩ ᠴᠢᠬᠤᠯᠠᠴᠢᠯᠠᠬᠤ ᠪᠣᠯᠣᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠠᠬᠤᠶ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠬᠤᠷᠸ᠎ᠠ ᠲᠦᠷᠦ ᠶᠢᠨ ᠪᠤᠳᠤᠯᠭ᠎ᠠ ᠶᠢ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠡᠷᠡᠭᠴᠡᠭᠡ ᠪᠠᠷ ᠭᠤᠣᠯᠯᠠᠭᠤᠯᠤᠨ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠵᠦᠢ ᠵᠣᠬᠢᠰᠲᠠᠶ | ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠨ᠎ᠠ ᠭᠡᠵᠡᠢ᠃ | 1-2.jpg | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ | ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ ᠴᠢᠶᠠᠩ ᠯᠦᠴᠤᠸᠠᠨ ᠰᠢᠶᠠᠨ ᠤ ᠳ᠋ᠦᠩ | ᠰᠢ ᠼᠦᠨ ᠲᠣᠰᠬᠤᠨ ᠤ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠵᠤ ᠪᠠᠶᠢᠭ᠎ᠠ ᠨᠢ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠳᠤ᠂ ᠯᠢ ᠺᠧ ᠴᠢᠶᠠᠩ ᠨᠢᠰᠢᠩᠭᠦ ᠶᠢᠨ ᠲᠠᠷᠢᠶᠠᠨ ᠳᠤ ᠬᠦᠷᠴᠦ | ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠪᠠ᠃ ᠲᠡᠷᠡ ᠬᠡᠯᠡᠬᠦ ᠳᠤ ᠪᠠᠨ᠂ ᠨᠢᠰᠢᠩᠭᠦ ᠶᠢᠨ ᠰᠢᠬᠢᠷ ᠪᠣᠯ ᠢᠳᠡᠭᠡᠨ ᠵᠡᠷᠭᠡ ᠠᠵᠤ | ᠦᠢᠯᠡᠰ ᠤᠨ ᠴᠢᠬᠤᠯᠠ ᠲᠦᠭᠦᠬᠡᠢ ᠮᠠᠲ᠋ᠧᠷᠢᠶᠠᠯ ᠮᠥᠨ᠂ ᠪᠦᠬᠦ ᠤᠯᠤᠰ ᠤᠨ ᠰᠢᠬᠢᠷ ᠤᠨ ᠭᠤᠷᠪᠠᠨ ᠤ ᠬᠤᠶᠠᠷ ᠨᠢ | ᠭᠤᠸᠠᠩᠰᠢ ᠠᠴᠠ ᠢᠷᠡᠭᠰᠡᠨ ᠶᠤᠮ᠂ ᠲᠠ ᠨᠠᠷ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠡᠳ ᠲᠦᠭ ᠲᠦᠮᠡᠨ ᠠᠶᠢᠯ | ᠡᠷᠦᠬᠡ ᠳᠤ ᠠᠮᠲᠠᠲᠤ ᠰᠢᠬᠢᠷ ᠬᠦᠷᠭᠡᠵᠦ ᠪᠠᠶᠢᠨ᠎ᠠ᠃ ᠤᠯᠤᠰ ᠠᠴᠠ ᠨᠢᠰᠢᠩᠭᠦ ᠶᠢᠨ ᠰᠠᠶᠢᠨ ᠡᠭᠦᠯᠳᠡᠷ ᠢ ᠪᠤᠶᠢᠵᠢᠭᠤᠯᠬᠤ᠂ | ᠰᠢᠬᠢᠷ ᠤᠨ ᠦᠢᠯᠡᠰ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠳᠡᠮᠵᠢᠯᠭᠡ ᠪᠠᠨ | ᠨᠡᠮᠡᠭᠳᠡᠭᠦᠯᠦᠨ᠎ᠡ ᠭᠡᠪᠡ᠃ ᠯᠢ ᠺᠧ ᠴᠢᠶᠠᠩ ᠲᠣᠰᠬᠤᠨ ᠤ ᠠᠷᠠᠳ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠶᠡᠭᠡ | ᠰᠤᠷᠭᠠᠭᠤᠯᠢ ᠲᠡᠭᠦᠰᠦᠭᠰᠡᠨ ᠨᠢᠭᠡᠨ ᠰᠤᠷᠤᠭᠴᠢ ᠲᠠᠢ ᠵᠣᠭᠤᠭᠲᠠᠬᠤ ᠦᠶ᠎ᠡ ᠳᠤ᠂ ᠣᠶᠢᠷ᠎ᠠ ᠬᠠᠪᠢ ᠳᠤ ᠠᠳᠠᠯ ᠦᠢᠯᠡᠰ | ᠴᠣᠭᠴᠠᠯᠠᠵᠤ᠂ 300 ᠬᠥᠮᠦᠨ ᠤ ᠠᠵᠢᠯ ᠣᠯᠭᠤᠯᠲᠠ ᠶᠢ ᠳᠠᠶᠢᠴᠢᠯᠠᠭᠰᠠᠨ ᠢ ᠣᠯᠵᠤ ᠮᠡᠳᠡᠪᠡ᠃ ᠯᠢ ᠺᠧ ᠴᠢᠶᠠᠩ ᠡᠨᠡ ᠨᠢ | ᠣᠯᠠᠨ ᠲᠦᠮᠡᠨ ᠢ ᠭᠡᠷ ᠤᠨ ᠣᠶᠢᠷ᠎ᠠ ᠬᠠᠪᠢ ᠳᠤ ᠪᠠᠨ ᠬᠥᠯᠥᠰᠥᠨ ᠠᠵᠢᠯ ᠬᠢᠵᠦ ᠵᠣᠭᠤᠰ ᠣᠯᠵᠤ ᠴᠢᠳᠠᠬᠤ ᠪᠣᠯᠭᠠᠭᠰᠠᠨ | ᠪᠥᠭᠡᠳ ᠨᠠᠰᠤᠲᠠᠨ ᠪᠠ ᠦᠷ᠎ᠡ ᠬᠡᠦᠬᠡᠳ ᠢᠶᠠᠨ ᠬᠠᠷᠠᠭᠠᠯᠵᠠᠵᠤ ᠴᠢᠳᠠᠬᠤ ᠪᠣᠯᠭᠠᠭᠰᠠᠨ ᠪᠠᠶᠢᠨ᠎ᠠ ᠭᠡᠵᠦ ᠮᠠᠭᠲᠠᠨ ᠰᠠᠶᠢᠰᠢᠶᠠᠪᠠ᠃ | ᠨᠤᠲᠤᠭ ᠤᠨ ᠠᠬ᠎ᠠ ᠳᠡᠭᠦᠦ ᠨᠡᠷ ᠤᠨ ᠬᠦᠰᠡᠯ ᠡᠷᠡᠮᠡᠯᠵᠡᠯ ᠳᠤ ᠴᠢᠭᠯᠡᠭᠦᠯᠦᠨ ᠯᠢ ᠺᠧ ᠴᠢᠶᠠᠩ ᠬᠡᠯᠡᠬᠦ ᠳᠤ ᠪᠠᠨ᠂ | ᠣᠳᠣᠬᠠᠨ ᠳᠤ ᠠᠮᠢᠳᠤᠷᠠᠯ ᠰᠠᠶᠢᠵᠢᠷᠠᠵᠤ᠂ ᠮᠠᠰᠢ ᠣᠯᠠᠨ ᠰᠢᠨ᠎ᠡ ᠬᠡᠷᠡᠭᠴᠡᠭᠡ ᠱᠠᠭᠠᠷᠳᠠᠯᠭ᠎ᠠ ᠲᠠᠢ ᠪᠣᠯᠵᠠᠶ᠃ ᠵᠠᠰᠠᠭ ᠤᠨ | ᠶᠠᠪᠤᠳᠠᠯ ᠢ ᠠᠷᠠᠳ ᠠᠴᠠ ᠠᠰᠠᠭᠤᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠣᠯᠠᠨ ᠲᠦᠮᠡᠨ ᠤ ᠬᠦᠰᠡᠵᠦ ᠱᠠᠭᠠᠷᠳᠠᠵᠤ | ᠪᠠᠶᠢᠭ᠎ᠠ ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠡᠶ᠃ | ᠯᠢ ᠺᠧ ᠴᠢᠶᠠᠩ ᠭᠤᠸᠠᠩᠰᠢ ᠶᠢᠨ RCEP ᠶᠢ ᠵᠣᠯᠭᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠭᠠᠳᠠᠭᠠᠳᠤ ᠪᠡᠯᠡ ᠶᠢᠨ ᠬᠤᠪᠢ ᠡᠵᠡᠮᠳᠡᠭᠰᠡᠨ ᠳᠤᠮᠳᠠᠳᠤ ᠰᠢᠩᠭᠠᠫᠣᠷ ᠤᠨ ᠨᠠᠨᠨᠢᠩ ᠳᠠᠬᠢ ᠤᠯᠠᠨ ᠤᠯᠤᠰ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠢ ᠰᠢᠨᠵᠢᠯᠡᠨ ᠪᠠᠶᠢᠴᠠᠭᠠᠪᠠ᠃ ᠲᠡᠷᠡ ᠬᠡᠯᠡᠬᠦ ᠳᠤ ᠪᠠᠨ᠂ ᠳᠤᠮᠳᠠᠳᠤ ᠤᠯᠤᠰ ᠨᠡᠬᠡᠬᠡᠯᠳᠡ ᠬᠢᠬᠦ ᠪᠠᠨ | ᠨᠡᠩ ᠴᠢᠨᠠᠭᠰᠢᠳᠠ ᠥᠷᠭᠡᠳᠬᠡᠵᠦ᠂ ᠦᠷᠭᠦᠯᠵᠢᠯᠡᠨ ᠭᠠᠳᠠᠭᠠᠳᠤ ᠪᠡᠯᠡ ᠶᠢ ᠲᠠᠲᠠᠬᠤ ᠦᠩ ᠰᠢᠮᠡᠯᠢᠭ ᠬᠥᠷᠥᠰᠥ ᠶᠢ ᠪᠣᠢ | ᠪᠣᠯᠭᠠᠵᠤ᠂ ᠳᠡᠯᠡᠬᠡᠢ ᠶᠢᠨ ᠠᠵᠤ ᠠᠬᠤᠢ ᠲᠠᠢ ᠨᠡᠩ ᠭᠦᠨᠵᠡᠭᠡᠢ ᠠᠭᠤᠰᠤᠯᠴᠠᠵᠤ᠂ ᠨᠡᠩ ᠲᠣᠭᠲᠠᠭᠤᠨ ᠠᠵᠤ ᠦᠢᠯᠡᠰ ᠤᠨ | ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ ᠭᠤᠸᠠᠩᠰᠢ ᠶᠢᠨ ᠣᠷᠣᠨ ᠪᠠᠶᠢᠷᠢ ᠶᠢᠨ ᠳᠠᠪᠠᠭᠤᠯᠢᠭ | ᠢᠯᠡᠳᠲᠡ ᠪᠠᠶᠢᠨ᠎ᠠ᠂ ᠠᠵᠠ ᠲᠣᠬᠢᠶᠠᠯ ᠢ ᠡᠵᠡᠮᠳᠡᠵᠦ᠂ RCEP ᠲᠦᠷᠢᠮ ᠢ ᠰᠠᠶᠢᠲᠤᠷ ᠠᠰᠢᠭᠯᠠᠨ᠂ ᠠᠵᠤ ᠦᠢᠯᠡᠰ ᠤᠨ | ᠳᠤᠮᠳᠠ ᠳᠡᠭᠡᠳᠦ ᠲᠡᠰ ᠲᠡᠶᠢᠰᠢ ᠬᠡᠯᠪᠡᠷᠢ ᠬᠤᠪᠢᠷᠠᠭᠤᠯᠤᠨ ᠤᠷᠤᠭᠰᠢᠯᠠᠬᠤ ᠶᠢ ᠠᠬᠢᠭᠤᠯᠵᠤ᠂ RCEP ᠶᠢᠨ ᠭᠡᠰᠢᠭᠦᠨ | ᠤᠯᠤᠰ ᠢᠯᠠᠩᠭᠤᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡᠲᠦ ᠵᠢᠱᠢᠶ᠎ᠡ ᠦᠵᠡᠭᠦᠯᠬᠦ ᠲᠠᠪᠴᠠᠩ ᠢ ᠪᠤᠢ ᠪᠣᠯᠭᠠᠬᠤ ᠬᠡᠷᠡᠭᠲᠡᠶ ᠭᠡᠵᠡᠢ᠃ | ᠯᠢ ᠺᠧ ᠴᠢᠶᠠᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠬᠤ ᠷᠦᠢ ᠱᠧᠩ ᠰᠢᠨᠵᠢᠯᠡᠬᠦ ᠤᠬᠠᠭᠠᠨ | ᠮᠡᠷᠭᠡᠵᠢᠯ ᠤᠨ ᠬᠡᠳᠦᠨ ᠠᠷᠪᠠᠨ ᠵᠢᠯ ᠤᠨ ᠬᠥᠭᠵᠢᠯᠲᠡ ᠶᠢᠨ ᠲᠠᠨᠢᠯᠴᠠᠭᠤᠯᠭ᠎ᠠ ᠶᠢ ᠰᠣᠨᠣᠰᠬᠤ ᠳᠤ ᠪᠠᠨ᠂ ᠦᠷᠭᠦᠯᠵᠢᠯᠡᠨ | ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠬᠡᠯᠡᠬᠦ ᠳᠤ ᠪᠠᠨ᠂ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠠᠷᠠᠳ ᠠᠴᠠ | ᠡᠵᠡᠩᠨᠡᠭᠰᠡᠨ ᠠᠵᠤ ᠠᠬᠤᠢ ᠪᠣᠯ ᠠᠵᠢᠯ ᠣᠯᠭᠤᠯᠲᠠ ᠶᠢ ᠰᠢᠩᠭᠡᠭᠡᠨ ᠠᠪᠬᠤ᠂ ᠡᠳ᠋ ᠪᠠᠶᠠᠯᠢᠭ ᠢ ᠡᠭᠦᠳᠬᠦ ᠴᠢᠬᠤᠯᠠ ᠬᠦᠴᠦᠨ | ᠮᠥᠨ᠃ ᠤᠯᠤᠰ ᠠᠴᠠ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠲᠦᠷᠦᠯ ᠤᠨ ᠥᠮᠴᠢᠯᠡᠯᠲᠦ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠠᠳᠠᠯᠢᠬᠠᠨ ᠬᠠᠨᠳᠤᠵᠤ᠂ ᠡᠷᠬᠡ ᠲᠡᠭᠰᠢ ᠥᠷᠢᠰᠥᠯᠳᠦᠭᠡᠨ ᠢ ᠬᠠᠮᠠᠭᠠᠯᠠᠵᠤ᠂ ᠨᠡᠩ ᠰᠠᠶᠢᠨ ᠬᠥᠭᠵᠢᠯᠲᠡ ᠶᠢ | ᠠᠬᠢᠭᠤᠯᠤᠨ᠎ᠠ ᠭᠡᠵᠡᠢ᠃ | ᠯᠢ ᠺᠧ ᠴᠢᠶᠠᠩ ᠰᠢᠶᠠᠨ ᠬᠤ᠋ ᠶᠤᠸᠠᠨ ᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠣᠭᠤᠷᠢᠭ ᠲᠤ | ᠬᠦᠷᠪᠡ᠃ ᠠᠳᠡ ᠡᠷᠦᠬᠡ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ | ᠲᠡᠭᠦᠰᠦᠭᠰᠡᠳ᠂ ᠭᠠᠳᠠᠨ᠎ᠠ ᠠᠴᠠ ᠢᠷᠡᠵᠦ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠪᠠ ᠣᠷᠣᠯᠭ᠎ᠠ ᠪᠠᠭ᠎ᠠ ᠲᠠᠢ ᠲᠦᠮᠡ | ᠰᠢᠬᠠᠮ ᠡᠷᠦᠬᠡ ᠰᠠᠭᠤᠵᠤ ᠪᠠᠶᠢᠨ᠎ᠠ᠃ ᠯᠢ ᠺᠧ ᠴᠢᠶᠠᠩ ᠰᠠᠭᠤᠭᠠᠯᠢ ᠠᠷᠠᠳ ᠤᠨ ᠬᠡᠷ ᠲᠤ ᠬᠦᠷᠴᠦ ᠣᠷᠣᠨ ᠰᠠᠭᠤᠴᠠ ᠶᠢᠨ | ᠨᠥᠬᠦᠴᠡᠯ ᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠲᠠᠢ ᠶᠠᠷᠢᠯᠴᠠᠵᠤ᠂ ᠠᠳᠡᠬᠢ ᠵᠢᠵᠢᠭ ᠬᠡᠯᠪᠡᠷᠢ ᠶᠢᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠦᠭᠰᠡᠨ ᠠᠵᠢᠯ ᠢ ᠮᠠᠭᠲᠠᠨ ᠰᠠᠶᠢᠰᠢᠶᠠᠪᠠ᠃ ᠲᠡᠷᠡ ᠬᠡᠯᠡᠬᠦ ᠳᠤ ᠪᠠᠨ᠂ | ᠡᠨᠡ ᠨᠢ ᠨᠠᠩ ᠣᠯᠠᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠣᠯᠠᠨ ᠲᠦᠮᠡᠨ ᠳᠤ ᠨᠠᠭᠠᠲᠤ ᠵᠠᠬ᠎ᠠ ᠶᠢᠨ | ᠪᠠᠲᠤᠯᠠᠭ᠎ᠠ ᠬᠠᠩᠭᠠᠬᠤ ᠳᠤ ᠠᠰᠢᠭᠲᠠᠶ ᠪᠥᠭᠡᠳ ᠬᠡᠷ ᠪᠠᠶᠢᠰᠢᠩ ᠤᠨ ᠴᠢᠳᠠᠮᠵᠢ ᠪᠦᠷᠢᠨ᠂ ᠣᠷᠣᠨ ᠰᠠᠭᠤᠴᠠ ᠶᠢᠨ | ᠨᠥᠬᠦᠴᠡᠯ ᠢ ᠰᠠᠶᠢᠵᠢᠷᠠᠭᠤᠯᠬᠤ ᠳᠤ ᠴᠦ ᠠᠰᠢᠭᠲᠠᠶ ᠶᠤᠮ ᠭᠡᠵᠡᠶ᠃ ᠴᠥᠭᠡᠨ ᠪᠤᠰᠤ ᠬᠥᠮᠦᠰ ᠬᠤᠵᠢᠮ ᠬᠡᠷ ᠪᠠᠶᠢᠰᠢᠩ | ᠬᠤᠳᠠᠯᠳᠤᠨ ᠠᠪᠬᠤ ᠶᠢ ᠬᠦᠰᠡᠵᠦ᠂ ᠴᠢᠷᠮᠠᠶᠢᠨ ᠲᠡᠮᠡᠴᠡᠳᠡᠭ ᠯᠡ ᠶᠤᠮ ᠪᠣᠯ ᠨᠠᠩ ᠰᠠᠶᠢᠨ ᠠᠮᠢᠳᠤᠷᠠᠯ ᠢ ᠡᠳ᠋ᠯᠡᠬᠦ ᠶᠢ ᠪᠣᠯᠣᠨ᠎ᠠ | ᠭᠡᠵᠡᠢ᠃ | ᠯᠢ ᠺᠧ ᠴᠢᠶᠠᠩ ᠭᠤᠸᠠᠩᠰᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ | ᠨᠤᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤᠵᠢᠭᠰᠠᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠨᠡᠬᠡᠬᠡᠯᠳᠡ ᠳᠤ ᠲᠦᠰᠢᠭᠯᠡᠨ ᠠᠵᠤ | ᠠᠬᠤᠢ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠲᠠᠰᠤᠷᠠᠯᠳᠡ | ᠦᠭᠡᠢ ᠰᠠᠶᠢᠵᠢᠷᠠᠭᠤᠯᠵᠤ᠂ ᠳᠤᠮᠳᠠ ᠪᠠ ᠪᠠᠷᠠᠭᠤᠨ ᠣᠷᠣᠨ ᠤ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ | ᠬᠦᠰᠡᠵᠦ ᠪᠠᠶᠢᠨ᠎ᠠ ᠭᠡᠵᠡᠢ᠃ | ᠰᠢᠶᠤᠤ ᠵᠢᠶᠧ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ |