ᠰᠢ ᠶᠢᠨ ᠫᠢᠩ ᠯᠠᠲ᠋ᠢᠨ ᠠᠮᠧᠷᠢᠺᠠ ᠪᠤᠯᠤᠨ ᠺᠠᠷᠢᠪᠧ ᠶᠢᠨ ᠤᠯᠤᠰ ᠤᠳ ᠤᠨ ᠬᠠᠮᠲᠤ ᠴᠣᠭᠴᠠ ᠶᠢᠨ ᠵᠢᠷᠭᠤᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠦᠭᠡ ᠬᠡᠯᠡᠪᠡ
ᠨᠡᠶᠢᠲᠡᠯᠡᠭᠰᠡᠨ ᠴᠠᠭ᠄
2021/9/24
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18 ᠤ ᠴᠠᠬᠢᠯᠭᠠᠨ ᠮᠡᠳᠡᠭᠡ 9 ᠰᠠᠷ᠎ᠠ ᠶᠢᠨ 18 ᠤ ᠡᠳᠦᠷ᠂ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠴᠣᠭᠴᠠ ᠶᠢᠨ ᠵᠢᠷᠭᠤᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠮᠧᠺᠰᠢᠺᠤ ᠤᠯᠤᠰ ᠤᠨ ᠨᠡᠶᠢᠰᠯᠡᠯ ᠮᠧᠺᠰᠢᠺᠤ ᠬᠤᠳᠠ ᠲᠤ ᠶᠠᠪᠤᠭᠳᠠᠪᠠ᠃     ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠮᠧᠺᠰᠢᠺᠤ ᠤᠯᠤᠰ ᠤᠨ ᠤᠷᠢᠯᠭ᠎ᠠ ᠪᠠᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠦᠭᠡ ᠬᠡᠯᠡᠪᠡ᠃    ᠰᠢ ᠶᠢᠨ ᠫᠢᠩ᠂ 10 ᠵᠢᠯ ᠤᠨ ᠡᠮᠦᠨ᠎ᠡ᠂ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠦᠭᠡᠭᠡᠴᠡᠯᠳᠦᠬᠦ᠂ ᠬᠤᠯᠪᠤᠭᠠᠯᠠᠨ ᠦᠪᠡᠷ ᠢ ᠪᠠᠨ ᠬᠦᠴᠦᠷᠬᠡᠭᠵᠢᠭᠦᠯᠬᠦ ᠴᠢᠷᠮᠠᠶᠢᠯᠭ᠎ᠠ ᠳᠣᠣᠷ᠎ᠠ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠵᠠᠪᠰᠢᠶᠠᠨ ᠢᠶᠠᠷ ᠪᠠᠶᠢᠭᠤᠯᠤᠬᠳᠠᠪᠠ᠂ ᠡᠨᠡ ᠪᠣᠯ ᠭᠠᠵᠠᠷ ᠣᠷᠣᠨ ᠤ ᠨᠢᠭᠡ ᠴᠤᠬᠴᠠᠵᠢᠯᠳᠠ ᠶᠢᠨ ᠶᠠᠪᠤᠴᠠ ᠳᠠᠬᠢ ᠬᠦᠰᠢᠶ᠎ᠡ ᠳᠤᠷᠠᠰᠬᠠᠯ ᠤᠨ ᠴᠢᠨᠠᠷᠲᠠᠢ ᠬᠡᠷᠡᠭ ᠶᠠᠪᠤᠳᠠᠯ ᠪᠣᠯᠤᠨ᠎ᠠ᠃ 10 ᠵᠢᠯ ᠤᠨ ᠬᠤᠭᠤᠴᠠᠭᠠᠨ ᠳᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠶᠢᠨ ᠲᠠᠯ᠎ᠠ ᠶᠢᠨ ᠬᠢᠨ ᠯᠠᠲ᠋ᠢᠨ ᠠᠮᠧᠷᠢᠺᠠ ᠶᠢᠨ ᠬᠠᠮᠲᠤ ᠴᠣᠭᠴᠠ ᠯᠤᠭ᠎ᠠ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠭᠠᠵᠠᠷ ᠣᠷᠣᠨ ᠤ ᠪᠠᠨ ᠤᠯᠤᠰ ᠤᠨ ᠬᠠᠮᠲᠤᠷᠠᠯᠴᠠᠭ᠎ᠠ ᠥᠷᠨᠢᠭᠦᠯᠵᠦ᠂ ᠥᠷᠢᠰᠥᠯᠳᠦᠭᠡᠨ ᠢ ᠠᠷᠭᠠᠴᠠᠭᠠᠬᠤ ᠶᠢ ᠵᠤᠬᠢᠴᠠᠭᠤᠯᠬᠤ ᠶᠢ ᠳᠡᠮᠵᠢᠪᠡ᠃ 2014 ᠣᠨ ᠤ 7 ᠰᠠᠷ᠎ᠠ ᠳᠤ᠂ ᠪᠢ ᠭᠠᠵᠠᠷ ᠣᠷᠤᠨ ᠤ ᠤᠯᠤᠰ ᠤᠳ ᠤᠨ ᠤᠳᠤᠷᠢᠳᠬᠤ ᠬᠥᠮᠦᠰ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠶᠠᠷᠢᠶᠠᠨ ᠤ ᠲᠠᠪᠴᠠᠩ ᠢ ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠨᠡᠭᠡᠭᠡᠪᠡ᠃ 7 ᠵᠢᠯ ᠤᠨ ᠲᠤᠷᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠶᠠᠷᠢᠶᠠᠨ ᠤ ᠲᠠᠪᠴᠠᠩ ᠥᠷᠨᠢᠨ ᠬᠥᠭᠵᠢᠵᠦ᠂ ᠨᠢᠭᠡᠨᠲᠡ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠡᠯ᠎ᠡ ᠡᠲᠡᠭᠡᠳ ᠤᠨ ᠨᠥᠬᠦᠷᠰᠡᠭ ᠬᠦᠴᠦᠨ ᠢ ᠨᠢᠭᠲᠠᠷᠠᠭᠤᠯᠬᠤ ᠭᠤᠣᠯ ᠲᠠᠪᠴᠠᠩ ᠪᠤᠯᠵᠤ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠳᠡᠯᠡᠬᠡᠢ ᠶᠢᠨ ᠬᠤᠪᠢᠷᠠᠯᠳᠠ ᠶᠡᠬᠡᠳᠠᠢ ᠪᠠᠶᠢᠳᠠᠯ ᠢ ᠥᠩᠭᠡᠷᠡᠭᠡᠵᠦ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠠᠷᠢᠯᠴᠠᠭ᠎ᠠ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ ᠂ ᠨᠡᠭᠡᠭᠡᠯᠲᠡ ᠲᠠᠢ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠪᠠ᠃ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠨᠥᠬᠦᠷᠯᠡᠯ ᠶᠠᠪᠤᠬᠤ ᠲᠤᠳᠤᠮ ᠰᠢᠨᠡᠳᠴᠦ᠂ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃ ᠨᠢᠳᠤᠨᠤᠨ ᠠᠴᠠ ᠨᠠᠭᠠᠰᠢ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠢᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠪᠡ᠃ ᠳᠤᠮᠳᠠᠳᠤ ᠤᠯᠤᠰ ᠦᠷᠭᠦᠯᠵᠢᠯᠡᠨ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠤ ᠠᠯᠢ ᠪᠣᠯᠬᠤᠶᠢᠴᠠ ᠬᠠᠪᠰᠤᠷᠤᠯᠭ᠎ᠠ ᠦᠵᠡᠭᠦᠯᠵᠦ᠂ ᠭᠠᠵᠠᠷ ᠣᠷᠣᠨ ᠤ ᠤᠯᠤᠰ ᠤᠳ ᠤᠨ ᠡᠷᠲᠡᠬᠡᠨ ᠬᠢᠵᠢᠭ ᠤᠨ ᠪᠠᠶᠢᠳᠠᠯ ᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠠᠢ ᠬᠠᠳᠠᠭᠤᠵᠢᠯᠳᠠᠢ ᠴᠠᠬ ᠢ ᠬᠠᠮᠲᠤ ᠪᠠᠷ ᠲᠤᠭᠤᠯᠵᠤ᠂ ᠠᠵᠠ ᠲᠣᠬᠢᠶᠠᠯ ᠢ ᠬᠠᠮᠲᠤ ᠪᠠᠷ ᠡᠭᠦᠳᠴᠦ᠂ ᠭᠠᠷ ᠬᠤᠯᠪᠣᠨ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠤ ᠴᠢᠬᠤᠯᠠᠴᠢᠯᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号