| | 9 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ | ᠺᠤᠨᠰᠦ᠋ᠯ ᠤᠨ ᠭᠠᠵᠠᠷ ᠤᠨ ᠺᠤᠨᠰᠦ᠋ᠯ ᠮᠦᠩᠬᠡᠭᠡᠷᠡᠯ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠣᠳᠣᠬᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠳᠣᠣᠷᠠᠬᠢ ᠠᠷᠠᠯᠵᠢᠶᠠᠨ ᠤ ᠬᠠᠮᠲᠤᠷᠠᠯᠴᠠᠭ᠎ᠠ ᠪᠣᠯᠤᠨ | ᠬᠤᠶᠠᠷ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠶᠠᠪᠤᠳᠠᠯ ᠤᠨ ᠲᠤᠬᠠᠢ ᠵᠥᠪᠳᠡᠯᠴᠡᠪᠡ᠃ | | | | | ᠠᠭᠤᠯᠵᠠᠯᠲᠠ ᠶᠢᠨ ᠲᠤᠬᠠᠶ ᠶᠢᠨ ᠲᠠᠯᠠᠪᠠᠢ | | | | | ᠵᠠᠩ ᠶᠢᠩ ᠵᠢᠶᠧ ᠪᠣᠯᠤᠨ ᠮᠣᠩᠭᠤᠯ ᠤᠨ ᠲᠠᠯ᠎ᠠ ᠶᠢᠨ ᠠᠭᠤᠯᠵᠠᠯᠲᠠ | | ᠠᠭᠤᠯᠵᠠᠯᠲᠠ ᠶᠢᠨ ᠳᠤᠮᠳᠠ᠂ ᠵᠠᠩ ᠶᠢᠩ ᠵᠢᠶᠧ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ᠂ ᠮᠣᠩᠭᠤᠯ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠲᠠᠯ᠎ᠠ ᠶᠢᠨ ᠬᠢᠨ ᠢ ᠤᠶᠢᠯᠠᠭᠠᠨ | ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠮᠠᠨ ᠤ ᠲᠠᠯ᠎ᠠ ᠶᠢᠨ ᠬᠢᠨ | ᠮᠣᠩᠭᠤᠯ ᠤᠨ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠪᠠᠶᠢᠭ᠎ᠠ ᠪᠠᠶᠢᠳᠠᠯ ᠢ ᠨᠢᠭᠲᠠ | ᠠᠩᠬᠠᠷᠴᠦ ᠪᠠᠶᠢᠨ᠎ᠠ᠃ ᠬᠤᠶᠢᠰᠢᠳᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ | ᠴᠢᠩᠭ᠎ᠠ ᠪᠥᠭᠡᠳ ᠪᠣᠳᠠᠲᠠᠶ ᠠᠳᠬᠤᠵᠤ᠂ ᠬᠤᠶᠠᠷ ᠲᠠᠯ᠎ᠠ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠥᠯᠥ | ᠭᠠᠳᠠᠭᠰᠢᠯᠠᠭᠤᠯᠬᠤ᠂ ᠥᠯᠥ ᠬᠠᠯᠳᠠᠪᠤᠷᠢᠯᠠᠬᠤ ᠶᠠᠪᠤᠳᠠᠯ ᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃ | ᠬᠤᠶᠠᠷ ᠲᠠᠯ᠎ᠠ ᠪᠠᠷ ᠢᠶᠠᠨ ᠮᠠᠨ ᠤ ᠲᠠᠯ᠎ᠠ ᠶᠢᠨ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠣᠷᠣᠨ ᠤ | ᠳᠣᠲᠣᠷᠠᠬᠢ ᠮᠣᠩᠭᠤᠯ ᠤᠨ ᠲᠠᠯ᠎ᠠ ᠶᠢᠨ ᠵᠢᠯᠣᠭᠤᠴᠢ ᠪᠠ ᠰᠠᠭᠤᠳᠠᠯ ᠤᠨ ᠠᠵᠢᠯᠳᠠᠨ ᠤ ᠬᠠᠮᠢᠶᠠᠷᠤᠯᠲᠠ᠂ ᠡᠪᠦᠯ ᠤᠨ | ᠤᠯᠠᠷᠢᠯ ᠤᠨ ᠳᠤᠯᠠᠭᠠᠯᠠᠭ᠎ᠠ ᠬᠠᠩᠭᠠᠬᠤ ᠨᠡᠭᠦᠷᠡᠰᠦᠨ ᠤ ᠲᠡᠭᠡᠭᠡᠪᠦᠷᠢ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯ | ᠳᠡᠷᠭᠡ ᠶᠢᠨ ᠲᠤᠰ ᠲᠤᠰ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠬᠠᠮᠢᠶᠠᠷᠤᠯᠲᠠ᠂ ᠵᠢᠯᠣᠭᠤᠴᠢ | ᠪᠣᠯᠤᠨ ᠠᠶᠠᠨᠴᠢᠳ ᠤᠨ ᠬᠠᠮᠢᠶᠠᠷᠤᠯᠲᠠ ᠡᠵᠡᠮᠳᠡᠯ᠂ ᠲᠡᠷᠭᠡ ᠬᠥᠰᠬᠡ ᠶᠢᠨ ᠲᠡᠭᠡᠭᠡᠪᠦᠷᠢ ᠵᠡᠷᠭᠡ ᠪᠠᠶᠢᠳᠠᠯ ᠢ ᠶᠠᠷᠢᠯᠴᠠᠪᠠ᠃ | ᠮᠠᠨ ᠤ ᠲᠠᠯ᠎ᠠ ᠶᠢᠨ ᠬᠢᠨ ᠪᠠᠰᠠ ᠮᠣᠩᠭᠤᠯ ᠤᠨ ᠲᠠᠯ᠎ᠠ ᠶᠢᠨ ᠬᠢᠨ ᠤ ᠳᠤᠷᠠᠳᠤᠭᠰᠠᠨ ᠵᠣᠬᠢᠴᠠᠭᠤᠯᠤᠨ ᠰᠢᠢᠳᠪᠦᠷᠢᠯᠡᠬᠦ | ᠴᠢᠬᠤᠯᠠᠲᠠᠢ ᠠᠰᠠᠭᠤᠳᠠᠯ ᠳᠤ ᠬᠠᠷᠢᠭᠤᠯᠲᠠ ᠥᠭᠴᠡᠢ᠃ | ᠮᠠᠨ ᠤ ᠬᠤᠲᠠ ᠶᠢᠨ ᠬᠤᠶᠠᠷ ᠲᠠᠯ᠎ᠠ ᠶᠢᠨ ᠬᠢᠯᠢ ᠶᠢᠨ ᠣᠷᠣᠨ ᠤ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ | ᠦᠵᠡᠭᠦᠯᠦᠭᠰᠡᠨ ᠴᠢᠬᠤᠯᠠ ᠦᠢᠯᠡᠳᠦᠯ ᠢ ᠮᠦᠩᠬᠡᠭᠡᠷᠡᠯ ᠳᠠᠬᠢᠨᠳᠠ ᠨᠤᠲᠠᠯᠠᠵᠤ᠂ ᠬᠤᠯᠪᠣᠭᠳᠠᠯ ᠪᠥᠬᠦᠶ ᠤᠴᠢᠷ | ᠶᠠᠪᠤᠳᠠᠯ ᠢ ᠵᠣᠬᠢᠴᠠᠭᠤᠯᠤᠨ ᠰᠢᠢᠳᠪᠣᠷᠢᠯᠡᠨ᠎ᠡ ᠭᠡᠵᠦ ᠢᠯᠡᠷᠬᠡᠶᠢᠯᠡᠪᠡ᠃ | | | | ᠡᠨᠡ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠪᠤᠰᠤᠳ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ | |