ᠬᠤᠲᠠ ᠶᠢᠨ ᠵᠠᠰᠠᠭ ᠤᠨ ᠣᠷᠳᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ  ᠳᠤᠭᠤᠶᠢᠯᠠᠩ ‍ᠤᠨ‌ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/27
   9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ  ᠳᠡᠪᠰᠢᠭᠦᠯᠦᠭᠳᠡᠭᠴᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠸᠠᠩ ᠳ᠋ᠦᠩ ᠱᠧᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠡᠪᠰᠢᠭᠦᠯᠦᠭᠳᠡᠭᠴᠢ ᠵᠠᠩ ᠶᠦᠩ ᡁᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠡᠪᠰᠢᠭᠦᠯᠦᠭᠳᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ  ᠰᠢᠯᠢᠨᠪᠠᠭᠠᠲᠤᠷ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ  ᠤᠨ ᠱᠠᠨᠰᠢ ᠶᠢᠨ ᠢᠦ᠋ᠢᠯᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠪᠴᠢ ᠲᠡᠦᠬᠡ ︵ᠨᠢᠭᠡᠳᠦᠭᠡᠷ ᠪᠦᠯᠦᠭ︶᠂ ᠨᠡᠶᠢᠭᠡᠮ ᠵᠢᠷᠤᠮ ᠤᠨ ᠬᠥᠭᠵᠢᠯᠲᠡ ᠶᠢᠨ ᠲᠣᠪᠴᠢ ᠲᠡᠦᠬᠡ ︵ᠨᠢᠭᠡᠳᠦᠭᠡᠷ ᠪᠦᠯᠦᠭ︶   ᠶᠢ ᠰᠤᠷᠤᠯᠴᠠᠪᠠ᠃        ᠯᠦ ᠪᠦᠦ ᠳ᠋ᠦᠩ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠯᠪᠡᠷᠢ᠂ ᠲᠣᠭᠲᠠᠴᠠ᠂ ᠲᠠᠪᠴᠠᠩ ᠪᠣᠯᠤᠨ ᠠᠴᠢᠶᠠᠯᠠᠪᠤᠷᠢ  ᠳᠤ ᠰᠢᠨ᠎ᠡ ᠶᠢ ᠡᠭᠦᠳᠴᠦ᠂ ᠲᠣᠭᠲᠠᠭᠠᠭᠰᠠᠨ ᠰᠤᠷᠤᠯᠴᠠᠬᠤ ᠠᠭᠤᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠵᠣᠭᠰᠣᠴᠠ ᠪᠠᠨ ᠳᠡᠭᠡᠭᠰᠢᠯᠡᠭᠦᠯᠦᠨ ᠪᠦᠬᠦ ᠲᠠᠯ᠎ᠠ ᠪᠠᠷ ᠰᠤᠷᠤᠯᠴᠠᠬᠤ᠂ ᠭᠤᠣᠯᠳᠠᠯᠭ᠎ᠠ ᠪᠠᠨ ᠲᠤᠪᠤᠶᠢᠯᠭᠠᠨ ᠰᠢᠰᠲ᠋ᠧᠮ ᠲᠠᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠭᠦᠨᠵᠡᠭᠡᠢ ᠰᠤᠷᠤᠯᠴᠠᠬᠤ ᠪᠠ ᠤᠳᠤᠷᠢᠳᠤᠯᠭ᠎ᠠ  ᠺᠠᠲᠠᠷ ᠪᠡᠶ᠎ᠡ   ᠪᠠᠷ ᠢᠶᠠᠨ ᠲᠦᠷᠦᠭᠦᠯᠡᠨ ᠰᠤᠷᠤᠯᠴᠠᠬᠤ ᠶᠢ ᠦᠨᠡᠨᠬᠦ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠵᠣᠭᠰᠣᠴᠠ᠂ ᠥᠨᠳᠥᠷ ᠪᠠᠷᠢᠮᠵᠢᠶ᠎ᠠ ᠪᠠᠷ  ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃        ᠯᠦ ᠪᠦᠦ ᠳ᠋ᠦᠩ᠄ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠤᠭ ᠲᠡᠮᠳᠡᠭ ᠲᠣᠳᠣᠷᠬᠠᠶ ᠪᠠᠷ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠴᠢᠩᠭᠠᠳᠬᠠᠵᠤ᠂ ᠭᠤᠣᠯᠯᠠᠭᠴᠢ ᠶᠢ ᠬᠦᠷᠢᠶᠡᠯᠡᠬᠦ᠂ ᠭᠤᠣᠯᠯᠠᠭᠴᠢ ᠶᠢ ᠲᠠᠭᠠᠬᠤ᠂ ᠭᠤᠣᠯᠯᠠᠭᠴᠢ ᠶᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠤᠯᠤᠰ ᠲᠦᠷᠦ ᠶᠢᠨ ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠢᠮᠠᠭᠲᠠ ᠳᠡᠭᠡᠳᠦ ᠭ᠊ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠬᠦ᠂ ᠪᠦᠯᠬᠦᠮᠳᠡᠨ ᠬᠠᠮᠵᠢᠯᠴᠠᠬᠤ᠂ ᠲᠥᠪ ᠭᠤᠣᠯᠴᠢ ᠠᠷᠢᠭᠤᠨ ᠴᠢᠬᠡᠴᠢ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠳᠠᠭᠠᠵᠤ᠂ ︽ᠲᠦᠷᠪᠡᠨ  ᠤᠳᠤᠷᠢᠳᠬᠤ  ᠪᠠᠭ︾ ᠤᠨ ᠬᠠᠮᠲᠤ ᠶᠢᠨ ᠤᠶᠤᠨ ᠤᠬᠠᠭᠠᠨ ᠪᠣᠯᠤᠨ ᠬᠦᠴᠦᠨ ᠴᠢᠳᠠᠯ ᠳᠤ ᠴᠢᠩᠭ᠎ᠠ ᠲᠦᠰᠢᠭᠯᠡᠵᠦ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠥ ᠪᠣᠭᠤᠮᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠤᠳᠤ ᠶᠢᠨ ᠰᠠᠭᠤᠷᠢᠨ ᠳᠡᠭᠡᠷ᠎ᠡ ᠰᠢᠨ᠎ᠡ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ ᠭᠡᠵᠦ  ᠱᠠᠭᠠᠷᠳᠠᠪᠠ᠃        ᠬᠤᠷᠠᠯ  ᠳᠡᠭᠡᠷ᠎ᠡ  ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号