ᠬᠡᠪ ᠴᠢᠨᠠᠷ ᠢ ᠳᠡᠭᠡᠭᠰᠢᠯᠡᠭᠦᠯᠵᠦ ᠤᠷ᠎ᠠ ᠴᠢᠳᠠᠪᠤᠷᠢ ᠶᠢ ᠬᠠᠩᠭᠠᠬᠤ  ᠪᠤᠯᠪᠠᠰᠤᠷᠠᠯ  ᠤᠨ  ᠠᠩᠭᠢ  ᠡᠷᠬᠢᠯᠡᠪᠡ
ᠨᠡᠶᠢᠲᠡᠯᠡᠭᠰᠡᠨ ᠴᠠᠭ᠄
2021/9/28
 ᠬᠢᠵᠠᠭᠠᠷ ᠲᠠᠢ ᠣᠷᠣᠨ ᠵᠠᠢ ᠳᠤ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 24 ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶ᠎ᠠ ᠠᠴᠠ ᠪᠦᠬᠦ ᠬᠤᠳᠠ ᠶᠢᠨ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ  ᠬᠢᠵᠠᠭᠠᠷᠲᠦ  ᠤᠷᠤᠨ  ᠵᠠᠢ ᠳᠤ  ᠠᠵᠢᠯᠯᠠᠬᠤ ᠠᠮᠤᠷ ᠲᠦᠪᠰᠢᠨ ᠤ  ᠪᠣᠯᠪᠠᠰᠤᠷᠠᠭᠤᠯᠤᠯ ᠤᠨ  ᠠᠩᠭᠢ ᠡᠷᠬᠢᠯᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠢᠩᠬᠢᠮ ᠤᠨ ᠲᠤᠰᠬᠠᠶ ᠮᠡᠷᠭᠡᠵᠢᠯᠲᠡᠨ ᠵᠠᠩ ᠵᠢᠶᠠᠨ ᠢᠦᠶ ᠶᠢ ᠣᠨᠴᠠᠭᠠᠶᠢᠯᠠᠨ ᠤᠷᠢᠵᠤ  ᠰᠤᠷᠤᠭᠴᠢᠳ   ᠲᠤ  ᠬᠢᠴᠢᠶᠡᠯ  ᠤᠷᠤᠭᠤᠯᠪᠠ᠃    ᠵᠠᠩ ᠵᠢᠶᠠᠨ ᠢᠦᠢ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠣᠯᠤᠨ ᠰᠢᠯᠢ ᠶᠢᠨ ᠭᠤᠣᠯ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠬᠢᠵᠠᠭᠠᠷᠲᠠᠶ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠰᠠᠭᠤᠷᠢ ᠮᠡᠳᠡᠯᠭᠡ᠂ ᠭᠤᠤᠯ ᠪᠣᠯᠬᠤ ᠠᠮᠤᠷ ᠲᠦᠪᠰᠢᠨ ᠤ ᠲᠦᠭᠰᠢᠭᠦᠷᠢ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠪᠡᠯᠡᠳᠬᠡᠮᠵᠢ ᠵᠡᠷᠭᠡ ᠲᠠᠯ᠎ᠠ ᠪᠠᠷ ᠲᠠᠶᠢᠯᠤᠮᠵᠢ  ᠬᠢᠪᠡ᠃    ᠪᠦᠬᠦ ᠬᠤᠳᠠ ᠶᠢᠨ ᠬᠢᠵᠠᠭᠠᠷ ᠲᠠᠢ  ᠤᠷᠤᠨ ᠵᠠᠢ ᠳᠤ ᠠᠵᠢᠯᠯᠠᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠭᠴᠢ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠦᠰ ᠵᠢᠴᠢ ᠬᠢᠵᠠᠭᠠᠷ ᠲᠠᠢ  ᠤᠷᠤᠨ  ᠵᠠᠢ ᠳᠤ ᠠᠵᠢᠯᠯᠠᠵᠤ ᠪᠠᠶᠢᠭ᠎ᠠ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠨᠡᠶᠢᠳᠡ 300 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃            
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号