ᠡᠷᠢᠶᠡᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/9/29
        9 ᠰᠠᠷ᠎ᠠ ᠶᠢᠨ 28 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠣᠯᠠᠨ ᠣᠯᠣᠰ ᠤᠨ ᠬᠤᠷᠠᠯ ᠦᠵᠡᠰᠬᠦᠯᠡᠩ ᠤᠨ ᠳᠦᠪ ᠲᠤ ᠶᠠᠪᠣᠭᠳᠠᠪᠠ        ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠹᠠᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠣᠭᠵᠢᠯ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠭᠴᠢᠳ ᠤᠨ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠳᠠᠷᠤᠭ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠩ ᠮᠤᠤ᠂ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠢ ᠴᠦᠨ ᠬᠤᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠶᠢᠨ ᠷᠦᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠳ᠋ᠦᠩ ᠵᠢᠶᠧ ᠹᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠵᠢᠩ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠨᠠᠷ ᠣᠷᠣᠯᠴᠠᠪᠠ᠃
      ᠬᠤᠷᠠᠯ ᠤᠨ ᠠᠬᠤᠶ ᠲᠠᠯᠠᠪᠠᠢ          ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 59 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 54 ᠬᠥᠮᠦᠨ ᠪᠠᠶᠢᠵᠤ᠂ ᠤᠯᠠᠭᠠᠨ ᠵᠠᠭᠠᠯᠮᠠᠶᠢᠲᠠᠨ ᠤ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠳᠤ ᠨᠠᠶᠢᠴᠡᠭᠰᠡᠨ ᠪᠠᠶᠢᠨ᠎ᠠ᠃      ᠶᠠᠩ ᠶᠢᠨ ᠷᠦᠢ ᠬᠤᠷᠠᠯ ᠡᠷᠭᠢᠯᠡᠪᠡ᠃        ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃      ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ︽ᠳᠡᠯᠡᠬᠡᠢ ᠶᠢᠨ ᠤᠯᠠᠭᠠᠨ ᠵᠠᠭᠠᠯᠮᠠᠶᠢᠳᠠᠨ ᠪᠣᠯᠤᠨ ᠤᠯᠠᠭᠠᠨ ᠰᠢᠨ᠎ᠡ ᠰᠠᠷ᠎ᠠ ᠶᠢᠨ ᠬᠥᠳᠡᠯᠭᠡᠭᠡᠨ ᠤ ᠲᠤᠯᠤᠭᠠᠨ ᠦᠨᠳᠦᠰᠦᠨ ᠵᠠᠷᠴᠢᠮ︾ ᠢ ᠤᠩᠰᠢᠨ ᠨᠡᠶᠢᠲᠡᠯᠡᠵᠡᠢ᠃  
       ᠸᠠᠩ ᠹᠠᠩ ᠶᠠᠷᠢᠶ᠎ᠠ ᠲᠠᠯᠪᠢᠵᠠᠢ      ᠸᠠᠩ ᠹᠠᠩ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠮᠠᠨ ᠤ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠷᠳᠤ ᠬᠤᠭᠤᠴᠠᠭᠠᠨ ᠤ ᠲᠤᠷᠰᠢ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ  ᠪᠠᠷ ᠦᠨᠡᠯᠡᠵᠦ᠂ ᠢᠷᠡᠭᠡᠳᠦᠢ ᠶᠢᠨ ᠬᠥᠭᠵᠢᠯᠲᠡ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠠᠢ᠃ ᠲᠡᠷᠡ᠂  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠪᠣᠯᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠲᠤᠬᠠᠶ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭᠠᠳᠦ ᠰᠡᠳᠬᠢᠯᠭᠡ ᠪᠠᠨ ᠨᠡᠮᠡᠭᠳᠡᠬᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠲᠤᠰ ᠪᠡᠶ᠎ᠡ  ᠶᠢᠨ ᠪᠠᠶᠢᠭᠤᠯᠤᠯᠲᠠ ᠪᠠᠨ ᠴᠢᠩᠭᠠᠳᠬᠠᠨ᠂ ᠬᠥᠮᠦᠯᠢᠭ ᠦᠵᠡᠯ  ᠤᠨ ᠳᠣᠰᠠᠯᠠᠮᠵᠢ ᠶᠢ ᠥᠷᠨᠢᠭᠦᠯᠵᠦ᠂ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠶᠢᠷᠠᠯᠠᠨ ᠬᠠᠯᠠᠮᠵᠢᠯᠠᠵᠤ᠂ ᠨᠠᠮ ᠳᠤ ᠪᠠᠨ ᠢᠳᠡᠭᠡᠨ᠂ ᠠᠷᠠᠳ ᠲᠦᠮᠡᠨ ᠳᠤ ᠪᠠᠨ ᠲᠠᠭᠠᠰᠢᠶᠠᠭᠳᠠᠭᠰᠠᠨ᠂  ᠬᠠᠶᠢᠷ᠎ᠠ ᠬᠠᠯᠠᠮᠵᠢ ᠪᠠᠷ ᠪᠢᠯᠬᠠᠭᠰᠠᠨ ᠤᠯᠠᠭᠠᠨ ᠵᠠᠭᠠᠯᠮᠠᠶᠢᠳᠠᠨ ᠤ ᠵᠣᠬᠢᠶᠠᠨ ᠪᠠᠶᠢᠭᠤᠯᠤᠯᠲᠠ ᠶᠢ ᠴᠣᠭᠴᠠᠯᠠᠨ ᠪᠠᠶᠢᠭᠤᠯᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠪᠠ 2035 ᠣᠨ ᠤ ᠠᠯᠤᠰ ᠤᠨ ᠬᠠᠷᠠᠯᠲᠠ ᠶᠢ ᠪᠣᠳᠣᠯᠬᠢᠯᠠᠨ᠂ ᠢᠷᠡᠭᠡᠳᠦᠶ ᠶᠢᠨ ᠲᠠᠪᠤᠨ ᠵᠢᠯ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠯᠠᠭᠠᠨ ᠵᠠᠭᠠᠯᠮᠠᠶᠢᠲᠠᠨ ᠤ ᠠᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠰᠤᠳᠤᠯᠤᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠵᠠᠰᠠᠭ ᠤᠨ ᠣᠷᠳᠣᠨ ᠤ ᠬᠡᠷᠡᠭᠴᠡᠭᠡ᠂ ᠤᠯᠠᠨ ᠲᠦᠮᠡᠨ ᠤ ᠬᠦᠰᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠴᠢᠳᠠᠯ ᠤᠨ ᠲᠣᠭᠤᠷᠢᠨ ᠳᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠤᠯᠠᠨ ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ︾ ᠢ ᠦᠨᠡᠨᠬᠦ ᠪᠠᠶᠢᠭᠤᠯᠬᠤ ᠬᠡᠷᠡᠭᠲᠡᠢ᠃ ᠪᠣᠭᠤᠮᠲᠠ ᠶᠢᠨ ᠣᠷᠣᠨ ᠪᠦᠰᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ︽ᠭᠡᠷᠡᠯᠳᠦ ᠠᠶᠠᠯᠠᠯ︾ ᠤᠨ ᠮᠣᠩᠭᠤᠯ ᠤᠯᠤᠰ ᠤᠨ ᠠᠵᠢᠯᠯᠠᠭ᠎ᠠ ᠵᠡᠷᠭᠡ ᠭᠠᠳᠠᠭᠠᠳᠤ ᠶᠢ ᠳᠡᠮᠵᠢᠬᠦ ᠲᠦᠷᠦᠯ ᠵᠦᠢᠯ ᠢ ᠲᠠᠰᠤᠷᠠᠯᠲᠠ ᠦᠭᠡᠢ ᠠᠬᠢᠭᠤᠯᠵᠤ᠂ ᠨᠡᠩ ᠤᠯᠠᠨ ᠣᠨᠴᠠᠭᠠᠢ ᠬᠦᠴᠢᠷᠳᠡᠯᠲᠡᠢ ᠬᠥᠮᠦᠰ ᠲᠤ ᠴᠠᠭ ᠲᠤᠬᠠᠢ ᠳᠤᠨᠢ  ᠬᠦᠮᠦᠡᠯᠢᠭ ᠬᠠᠯᠠᠮᠵᠢᠯᠠᠯ ᠪᠠ ᠬᠠᠪᠰᠤᠷᠤᠯᠭ᠎ᠠ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    
  ᠯᠢᠦ ᡁᠢ ᠫᠢᠩ ᠶᠠᠷᠢᠶ᠎ᠠ ᠲᠠᠯᠪᠢᠵᠠᠢ        ᠯᠢᠦ ᡁᠢ ᠫᠢᠩ ᠬᠤᠳᠠ ᠶᠢᠨ ᠲᠦᠷᠪᠡᠨ ᠶᠡᠭᠡ ᠪᠠᠭ ᠤᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠳᠠᠨ᠂ ᠭᠡᠰᠢᠭᠦᠨ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠮᠠᠨ ᠤ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃        ᠯᠢᠦ ᡁᠢ ᠫᠢᠩ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠡᠨᠡ ᠤᠳᠠᠭ᠎ᠠ ᠶᠢᠨ ᠬᠤᠭᠤᠴᠠᠭ᠎ᠠ ᠰᠣᠯᠢᠬᠤ ᠪᠠᠷ ᠰᠢᠨ᠎ᠡ ᠭᠠᠷᠤᠭ᠎ᠠ ᠪᠣᠯᠭᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠠᠵᠢᠯ ᠤᠨ ᠬᠦᠭᠵᠢᠯᠳᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠦᠮᠦᠡᠯᠢᠭ ᠦᠵᠡᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠦᠮᠦᠡᠯᠢᠭ ᠦᠵᠡᠯ ᠤᠨ ᠠᠪᠤᠷᠠᠨ ᠲᠤᠰᠠᠯᠠᠯᠲᠠ ᠥᠷᠨᠢᠭᠦᠯᠬᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠪᠴᠠᠯᠳᠤᠭᠤᠯᠬᠤ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠪᠠ ᠵᠠᠰᠠᠭ ᠤᠨ ᠣᠷᠳᠣᠨ ᠤ ᠬᠦᠮᠦᠡᠯᠢᠭ ᠦᠵᠡᠯ ᠤᠨ ᠬᠦᠷᠢᠶᠡᠨ ᠳᠠᠬᠢ ᠰᠠᠶᠢᠨ ᠬᠠᠪᠰᠤᠷᠤᠭᠴᠢ ᠪᠣᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠢ᠃ ︽ᠬᠡᠷᠡᠯᠳᠦ ᠠᠶᠠᠯᠠᠯ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠠᠮᠢ ᠨᠠᠰᠤ ᠶᠢ ᠬᠠᠯᠠᠮᠵᠢᠯᠠᠨ ᠬᠠᠶᠢᠷᠠᠯᠠᠬᠤ ᠰᠠᠭᠤᠷᠢ ᠮᠥᠩᠭᠦ᠂ ︽ᠲᠦᠭᠡᠮᠡᠯ ᠬᠠᠶᠢᠷ᠎ᠠ ᠨᠢᠭᠡ ᠡᠳᠦᠷ ᠤᠨ ᠬᠠᠨᠳᠢᠪᠯᠠᠯ︾ ᠵᠡᠷᠭᠡ ᠤᠯᠠᠭᠠᠨ ᠵᠠᠭᠠᠯᠮᠠᠶᠢᠲᠠᠨ ᠤ ᠨᠠᠷᠠᠲᠤ ᠲᠡᠮᠳᠡᠭᠲᠦ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠪᠣᠶ ᠪᠣᠯᠭᠠᠵᠤ᠂ ᠨᠠᠩ ᠣᠯᠠᠨ ᠬᠥᠮᠦᠰ ᠲᠤ ᠬᠠᠯᠠᠮᠵᠢᠯᠠᠯ ᠪᠠ ᠬᠠᠪᠰᠤᠷᠤᠯᠭ᠎ᠠ ᠬᠦᠷᠲᠡᠭᠡᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠲᠤ ᠪᠡᠯᠡᠳᠬᠡᠬᠦ ᠭᠠᠮᠰᠢᠭ ᠠᠴᠠ ᠠᠪᠤᠷᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃  ᠮᠣᠩᠭᠤᠯ ᠤᠷᠤᠰ ᠯᠤᠭ᠎ᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠤ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ︽ᠭᠡᠷᠡᠯᠳᠦ ᠠᠶᠠᠯᠠᠯ︾ ᠤᠨ ᠮᠣᠩᠭᠤᠯ ᠤᠯᠤᠰ ᠤᠨ ᠠᠵᠢᠯᠯᠠᠭ᠎ᠠ ᠵᠡᠷᠭᠡ ᠭᠠᠳᠠᠭᠠᠳᠤ ᠶᠢ ᠳᠡᠮᠵᠢᠬᠦ ᠲᠦᠷᠦᠯ ᠵᠦᠢᠯ ᠪᠣᠯᠤᠨ ᠤᠯᠠᠭᠠᠨ ᠵᠠᠭᠠᠯᠮᠠᠶᠢᠳᠠᠨ ᠤ ᠵᠠᠯᠠᠭᠤᠴᠤᠳ ᠪᠠᠭᠠᠴᠤᠳ ᠤᠨ ᠤᠯᠠᠨ ᠤᠯᠤᠰ ᠤᠨ ᠰᠣᠯᠢᠯᠴᠠᠭᠠᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠡᠩ ᠰᠢᠯᠢᠳᠡᠭ ᠲᠣᠭᠲᠠᠴᠠ ᠪᠠᠷ ᠤᠯᠠᠭᠠᠨ ᠵᠠᠭᠠᠯᠮᠠᠶᠢᠳᠠᠨ ᠤ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠨᠳᠢᠪᠯᠠᠨ ᠬᠦᠷᠭᠡᠭᠴᠢ ᠪᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠠᠵᠢᠯ ᠤᠨ ᠲᠠᠬᠢᠨ ᠰᠠᠶᠢᠨ ᠠᠮᠵᠢᠯᠲᠠ ᠤᠯᠬᠤ ᠶᠢ ᠨᠡᠩ ᠶᠡᠭᠡ ᠬᠦᠴᠦᠯᠡᠴᠡ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
  ᠯᠢᠦ ᡁᠢ ᠫᠢᠩ ᠬᠥᠬᠢᠭᠦᠯᠦᠭᠳᠡᠨ ᠰᠠᠶᠢᠰᠢᠶᠠᠭᠳᠠᠭᠰᠠᠨ ᠠᠵᠤ ᠠᠬᠤᠶᠢᠯᠠᠯ ᠳᠤ ᠱᠠᠩᠨᠠᠯ ᠭᠠᠷᠳᠠᠭᠤᠯᠪᠠ  
 
   ᠰᠠᠶᠢᠰᠢᠶᠠᠭᠳᠠᠭᠰᠠᠨ ᠰᠢᠯᠢᠳᠡᠭ ᠰᠠᠶᠢᠨ  ᠳᠣᠷᠠᠴᠣᠳ
  ᠶᠠᠩ ᠶᠢᠨ ᠷᠦᠢ ᠬᠤᠷᠠᠯ ᠡᠷᠭᠢᠯᠡᠪᠡ  
  ᠳ᠋ᠦᠩ ᠵᠢᠶᠧ ᠹᠧᠩ ᠪᠠᠶᠠᠷ ᠤᠨ ᠦᠭᠡ ᠢᠯᠡᠭᠡᠵᠡᠢ        ᠳ᠋ᠦᠩ ᠵᠢᠶᠧ ᠹᠧᠩ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃  
   ᠳᠠᠷᠠᠭ᠎ᠠ ᠨᠢ᠂ ᠫᠠᠩ ᠵᠢᠶᠦ᠋ᠨ ᠴᠢᠩ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠮᠦᠨ᠎ᠡ ᠠᠴᠠ ︽ᠰᠢᠨ᠎ᠡ ᠠᠶᠠᠨ ᠢᠶᠠᠨ ᠡᠬᠢᠯᠡᠭᠦᠯᠵᠦ ᠰᠢᠨ᠎ᠡ ᠡᠭᠦᠷᠭᠡ ᠶᠢ ᠡᠭᠦᠷᠭᠡᠯᠡᠵᠦ ᠡᠷᠢᠶᠡᠨ ᠬᠤᠳᠠ ᠶᠢᠨ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠠᠵᠢᠯ ᠤᠨ ᠮᠡᠳᠡᠭᠦᠯᠦᠯᠲᠡ ᠬᠢᠵᠡᠢ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号