ᠨᠠᠮᠤᠷ ᠤᠨ ᠤᠯᠠᠷᠢᠯ  ᠤᠨ ᠠᠩᠬᠠᠨ ᠤ ᠪᠦᠯᠦᠭ ᠴᠡᠷᠢᠭ ᠠᠴᠠ ᠬᠠᠯᠠᠭᠳᠠᠭᠰᠠᠳ ᠢᠷᠡᠭᠤ ᠠᠯᠳᠠᠷ ᠲᠠᠢ ᠪᠠᠷ ᠨᠣᠳᠤᠭ  ᠲᠤ ᠪᠠᠨ ᠪᠣᠴᠠᠵᠦ ᠢᠷᠡᠪᠡ
ᠨᠡᠶᠢᠲᠡᠯᠡᠭᠰᠡᠨ ᠴᠠᠭ᠄
2021/9/3
     ᠥᠩᠭᠡᠷᠡᠭᠰᠡᠨ ᠳᠤ ᠴᠡᠷᠢᠭ ᠲᠤ ᠮᠣᠷᠳᠠᠵᠤ ᠤᠯᠤᠰ ᠲᠠᠭᠠᠨ ᠵᠢᠳᠬᠦᠵᠦ ᠪᠠᠶᠢᠭᠰᠠᠨ ᠢᠶᠠᠨ ᠥᠨᠥᠳᠦᠷ ᠠᠯᠳᠠᠷ ᠬᠦᠨᠳᠦ ᠲᠠᠢ ᠪᠠᠷ ᠪᠤᠴᠠᠵᠤ ᠢᠷᠡᠪᠡ᠃ 9 ᠰᠠᠷ᠎ᠠ ᠶᠢᠨ 2 ᠤᠨ ᠡᠳᠦᠷ᠂ ᠨᠠᠮᠤᠷ ᠤᠨ ᠤᠯᠠᠷᠢᠯ ᠤᠨ ᠠᠩᠬᠠᠨ ᠤ ᠪᠦᠯᠦᠭ ᠤᠨ ᠡᠷᠢᠶᠡᠨ ᠬᠤᠲᠠ ᠶᠢᠨ ᠴᠡᠷᠢᠭ ᠠᠴᠠ ᠬᠠᠯᠠᠭᠳᠠᠭᠰᠠᠳ ᠢᠷᠠᠭᠤ ᠠᠯᠳᠠᠷᠲᠠᠶ ᠪᠠᠷ ᠨᠤᠲᠤᠭ ᠲᠠᠭᠠᠨ ᠪᠤᠴᠠᠵᠤ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠲᠡᠮᠦᠷ ᠵᠠᠮ ᠤᠨ ᠲᠡᠷᠭᠡᠨ ᠥᠷᠲᠡᠭᠡᠨ ᠳᠤ ᠣᠴᠢᠵᠦ ᠣᠭᠳᠣᠨ ᠳᠣᠰᠣᠯ᠎ᠠ᠃
  ᠠᠬᠠᠮᠠᠳ ᠴᠡᠷᠢᠭ ᠠᠴᠢᠭᠰᠠᠨ ᠭᠠᠯᠲᠤ ᠲᠡᠷᠭᠡ ᠡᠷᠢᠶᠡᠨ ᠤ ᠥᠷᠲᠡᠭᠡᠨ ᠳᠤ ᠣᠷᠣᠪᠠ
  ᠴᠡᠷᠢᠭ ᠠᠩᠭᠢ ᠶᠢᠨ ᠬᠠᠷᠢᠭᠤᠴᠠᠯᠭᠠᠲᠠᠨ ᠠᠬᠠᠮᠠᠳ ᠴᠡᠷᠢᠭ ᠢ ᠵᠣᠬᠢᠶᠠᠨ ᠪᠠᠶᠢᠭᠤᠯᠵᠤ ᠴᠤᠭᠯᠠᠭᠤᠯᠪᠠ        ᠥᠷᠯᠥᠭᠡ ᠶᠢᠨ 6 ᠴᠠᠭ 50 ᠮᠢᠨᠦ᠋ᠲ ᠲᠤ᠂ ᠭᠠᠯᠲᠤ ᠲᠡᠷᠭᠡᠨ ᠤ ᠠᠭᠤᠷ ᠤᠨ ᠱᠤᠤᠭᠢᠯ ᠤᠨ ᠲᠠᠭᠤᠨ ᠰᠣᠨᠣᠰᠳᠠᠬᠤ ᠶᠢ ᠳᠠᠭᠠᠯᠳᠤᠨ᠂ T4202 ᠳ᠋ᠤᠭᠠᠷ ᠭᠠᠯᠲᠤ ᠲᠡᠷᠭᠡ ᠠᠯᠭᠤᠷᠬᠠᠨ ᠢᠶᠠᠷ ᠡᠷᠢᠶᠡᠨ ᠲᠡᠮᠦᠷ ᠵᠠᠮ ᠤᠨ ᠥᠷᠲᠡᠭᠡᠨ ᠳᠤ ᠣᠷᠣᠯ᠎ᠠ᠃ ᠡᠷᠢᠶᠡᠨ ᠬᠤᠳᠠ ᠶᠢᠨ ᠴᠡᠷᠢᠭ ᠤᠨ ᠠᠯᠪᠠᠨ ᠠᠴᠠ ᠪᠠᠭᠤᠭᠰᠠᠨ 9  ᠴᠡᠷᠢᠭ  ᠬᠡᠬᠦᠳᠡᠭ ᠴᠡᠭᠡᠵᠢᠨ ᠳᠡᠭᠡᠨ ᠤᠯᠠᠭᠠᠨ ᠴᠡᠴᠡᠭ ᠵᠡᠭᠦᠵᠦ᠂ ᠲᠡᠷᠢ ᠲᠡᠭᠰᠢ ᠮᠥᠷᠯᠡᠨ ᠲᠡᠷᠭᠡᠨ ᠦᠷᠳᠡᠭᠡ ᠠᠴᠠ ᠭᠠᠷᠴᠦ ᠢᠷᠡᠯ᠎ᠡ᠃
  ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠠᠵᠢᠯᠲᠠᠳ ᠠᠬᠠᠮᠠᠳ ᠴᠡᠷᠢᠭ ᠲᠤ ᠴᠡᠴᠡᠭ ᠬᠦᠷᠭᠡᠪᠡ        ᠥᠷᠲᠡᠭᠡᠨ ᠠᠴᠠ ᠭᠠᠷᠬᠤ ᠡᠭᠦᠳᠡᠨ ᠳᠤ᠂ ᠬᠦᠰᠡᠨ ᠬᠦᠯᠢᠶᠡᠵᠦ ᠪᠠᠶᠢᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ  ᠳᠣᠪᠴᠢᠶ᠎ᠠ ᠶᠢᠨ ᠠᠵᠢᠯᠲᠠᠳ ᠪᠣᠯᠤᠨ ᠠᠬᠠᠮᠠᠳ ᠴᠡᠷᠢᠭ ᠤᠨ ᠭᠡᠷ ᠪᠦᠯᠢ ᠶᠢᠨ ᠬᠢᠨ ᠲᠡᠳᠡᠨ ᠢ ᠤᠭᠲᠤᠬᠤ ᠣᠬᠤᠷᠬᠠᠨ ᠶᠣᠰᠣᠯᠠᠯ ᠶᠠᠪᠤᠭᠤᠯᠵᠤ᠂ ᠨᠢᠭᠡ ᠪᠠᠭᠴᠠ ᠰᠣᠷᠭᠤᠭ ᠴᠡᠴᠡᠭ ᠢᠶᠠᠷ ᠨᠤᠲᠤᠭ ᠤᠨ ᠠᠷᠠᠳ ᠲᠦᠮᠡᠨ ᠤ ᠵᠥᠩᠨᠡᠯ ᠢ ᠢᠯᠡᠳᠬᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠲᠤ ᠬᠦᠨᠳᠦᠳᠬᠡᠯ ᠪᠠ ᠬᠠᠶᠢᠷ᠎ᠠ ᠬᠠᠯᠠᠮᠵᠢ ᠶᠢ ᠬᠦᠷᠲᠡᠭᠡᠵᠡᠢ᠃ ᠡᠭᠦᠨ ᠤ ᠵᠡᠷᠭᠡ ᠳᠤ ᠠᠵᠢᠯᠲᠠᠳ ᠪᠠᠰᠠ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠤᠬᠠᠶ ᠬᠠᠷᠢᠭᠤᠯᠲᠠ ᠥᠭᠴᠦ᠂ ︽ᠬᠤᠶᠠᠷ ᠺᠠᠷᠲ ᠨᠢᠭᠡ ᠳᠡᠪᠲᠡᠷ︾ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠠᠬᠠᠮᠠᠳ ᠪᠠᠶᠢᠯᠳᠤᠭᠴᠢᠳ ᠲᠤ ᠤᠯᠤᠰ ᠣᠷᠣᠨ ᠪᠠ ᠠᠷᠠᠳ ᠲᠦᠮᠡᠨ ᠳᠤ ᠦᠢᠯᠡᠴᠢᠯᠡᠳᠡᠭ ᠯᠡ ᠶᠤᠮ ᠪᠣᠯ ᠴᠡᠷᠢᠭ ᠤᠨ ᠬᠤᠸᠠᠷᠠᠨ ᠳᠤ   ᠪᠠᠨ ᠦᠯᠡᠳᠡᠬᠦ ᠪᠤᠶᠤ ᠴᠡᠷᠢᠭ ᠤᠨ ᠬᠤᠪᠴᠠᠰᠤ ᠪᠠᠨ ᠳᠠᠶᠢᠯᠵᠦ᠂ ᠴᠡᠷᠢᠭ ᠤᠨ ᠬᠤᠸᠠᠷᠠᠨ ᠠᠴᠠ ᠰᠠᠯᠣᠭᠰᠠᠨ ᠴᠦ ᠲᠡᠳᠡ ᠪᠣᠯ ᠬᠠᠮᠤᠭ ᠤᠨ ᠬᠠᠶᠢᠷᠠᠲᠠᠶ ᠬᠥᠮᠦᠰ ᠪᠣᠯᠤᠨ᠎ᠠ ᠭᠡᠳᠡᠭ ᠢ ᠣᠶᠢᠯᠠᠭᠠᠭᠤᠯᠣᠭᠰᠠᠨ ᠪᠠᠶᠢᠨ᠎ᠠ᠃
   ᠠᠬᠠᠮᠠᠳ ᠴᠡᠷᠢᠭ ᠭᠡᠷ ᠤᠨ ᠬᠥᠮᠦᠰ ᠲᠠᠢ ᠪᠠᠨ ᠬᠠᠮᠲᠤ ᠰᠡᠭᠦᠳᠡᠷ ᠲᠠᠲᠠᠪᠠ        ᠲᠤᠬᠠᠢ ᠶᠢᠨ ᠲᠠᠯᠠᠪᠠᠢ ᠳᠤ ᠪᠠᠰᠠ ᠴᠥᠭᠡᠨ ᠪᠤᠰᠤ ᠨᠠᠰᠢ ᠴᠠᠰᠢ ᠥᠩᠭᠡᠷᠡᠬᠦ ᠤᠯᠠᠨ ᠲᠦᠮᠡᠨ ᠵᠣᠭᠰᠣᠵᠤ ᠲᠣᠭᠤᠷᠢᠨ ᠦᠵᠡᠵᠦ᠂ ᠠᠬᠠᠮᠠᠳ ᠴᠡᠷᠢᠭ ᠢ ᠬᠠᠪᠰᠤᠷᠤᠨ ᠲᠦᠷᠦᠯ ᠰᠠᠳᠤᠨ ᠲᠠᠢ ᠨᠢ ᠬᠠᠮᠲᠤ ᠶᠢᠨ ᠰᠡᠭᠦᠳᠡᠷ ᠲᠠᠲᠠᠭᠤᠯᠵᠤ᠂ ᠭᠠᠷ ᠤᠲᠠᠰᠤ ᠪᠠᠷ ᠡᠨᠡᠬᠦ ᠢᠷᠠᠭᠤ ᠠᠯᠳᠠᠷᠲᠤ ᠴᠠᠭ ᠮᠥᠴᠡ ᠶᠢ ᠲᠡᠮᠳᠡᠭᠯᠡᠵᠦ᠂ ᠠᠬᠠᠮᠠᠳ ᠴᠡᠷᠢᠭ ᠤᠨ ᠴᠡᠷᠢᠭ ᠠᠴᠠ ᠬᠠᠯᠠᠭᠳᠠᠬᠤ ᠳᠤ ᠦᠩᠬᠡ ᠪᠠᠨ ᠠᠯᠳᠠᠬᠤ ᠦᠭᠡᠢ ᠪᠠᠶᠢᠬᠤ᠂ ᠨᠤᠲᠤᠭ ᠤᠰᠤ ᠪᠠᠨ ᠴᠢᠷᠮᠠᠶᠢᠨ ᠪᠦᠳᠦᠭᠡᠨ ᠪᠠᠶᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠪᠠ᠃        ᠴᠡᠷᠢᠭ ᠤᠨ ᠠᠯᠪᠠᠨ ᠠᠴᠠ ᠪᠠᠭᠤᠭᠰᠠᠳ ᠳ᠋ᠤᠸᠠᠨ ᠬᠤᠸᠠᠢ ᠶᠤᠸᠠᠨ᠄ ︽ᠥᠨᠥᠳᠦᠷ ᠥᠷᠲᠡᠭᠡᠨ ᠠᠴᠠ ᠭᠠᠷᠤᠮᠠᠭᠴᠠ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠳᠣᠪᠴᠢᠶ᠎ᠠ ᠶᠢᠨ ᠠᠵᠢᠯᠳᠠᠨ ᠪᠣᠯᠤᠨ ᠭᠡᠷ ᠤᠨ ᠬᠥᠮᠦᠰ ᠪᠦᠷ ᠪᠢᠳᠡᠨ ᠢ ᠲᠣᠰᠬᠤ ᠪᠠᠷ ᠢᠷᠡᠬᠦ ᠶᠢ ᠦᠵᠡᠭᠡᠳ ᠮᠠᠰᠢ ᠰᠠᠨᠠᠭᠠᠨ ᠠᠴᠠ ᠭᠠᠳᠠᠭᠤᠷ ᠪᠥᠭᠡᠳ ᠰᠣᠴᠢᠨ ᠪᠠᠶᠠᠷᠯᠠᠪᠠ᠂ ᠨᠤᠲᠤᠭ ᠤᠨ ᠬᠢᠨ ᠡᠶᠢᠮᠦ ᠦᠪᠡᠳᠡᠭᠰᠢ ᠶᠡᠭᠡ ᠶᠣᠰᠣᠯᠠᠯ ᠶᠠᠪᠤᠭᠤᠯᠵᠤ ᠪᠢᠳᠡᠨ ᠢ ᠤᠭᠲᠤᠵᠤ ᠪᠠᠶᠢᠬᠤ ᠨᠢ ᠪᠦᠬᠦ ᠠᠬᠠᠮᠠᠳ ᠴᠡᠷᠢᠭ ᠲᠤ ᠲᠦᠢᠯ ᠤᠨ ᠶᠡᠭᠡ ᠢᠷᠠᠭᠤ ᠠᠯᠳᠠᠷ ᠢ ᠬᠦᠷᠲᠡᠭᠡᠭᠰᠡᠨ ᠶᠠᠪᠤᠳᠠᠯ ᠪᠣᠯᠤᠨ᠎ᠠ᠂ ᠡᠨᠡ ᠨᠢ ᠮᠥᠨᠴᠦ ᠲᠦᠢᠯ ᠤᠨ ᠶᠡᠭᠡ ᠵᠣᠷᠢᠭᠵᠢᠭᠤᠯᠤᠯ ᠪᠠ ᠱᠠᠭᠠᠷᠳᠠᠯᠭ᠎ᠠ ᠪᠣᠯᠤᠨ᠎ᠠ︕ ᠪᠢᠳᠡ ᠴᠡᠷᠢᠭ ᠤᠨ ᠬᠥᠮᠦᠨ ᠤ ᠤᠤᠷ ᠴᠢᠨᠠᠷ ᠢᠶᠠᠨ ᠦᠷᠭᠦᠯᠵᠢᠯᠡᠨ ᠪᠠᠲᠤᠯᠠᠵᠤ᠂ ᠴᠡᠷᠢᠭ ᠠᠴᠠ ᠬᠠᠯᠠᠭᠳᠠᠬᠤ ᠳᠤ ᠦᠩᠭᠡ ᠪᠠᠨ ᠠᠯᠳᠠᠬᠤ ᠦᠭᠡᠢ ᠪᠠᠶᠢᠵᠤ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃
  ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠠᠵᠢᠯᠲᠠᠨ ᠠᠬᠠᠮᠠᠳ ᠴᠡᠷᠢᠭ ᠲᠠᠢ ᠬᠠᠮᠲᠤ         ᠣᠶᠢᠯᠠᠭᠠᠭᠰᠠᠨ ᠢᠶᠠᠷ᠂ ᠲᠣᠰ ᠪᠦᠯᠦᠭ ᠤᠨ ᠴᠡᠷᠢᠭ ᠠᠴᠠ ᠬᠠᠯᠠᠭᠳᠠᠭᠰᠠᠨ 9 ᠴᠡᠷᠢᠭ ᠴᠥᠮ 2019 ᠣᠨ ᠤ 9 ᠰᠠᠷ᠎ᠠ ᠳᠤ ᠴᠡᠷᠢᠭ ᠲᠤ ᠣᠷᠣᠵᠤ᠂ ᠡᠾᠧᠪᠸᠢ ᠮᠤᠵᠢ ᠳᠤ ᠠᠯᠪᠠ ᠬᠠᠭᠠᠵᠠᠶ᠃ ᠠᠬᠠᠮᠠᠳ ᠴᠡᠷᠢᠭ ᠤᠨ ᠴᠡᠷᠢᠭ ᠠᠴᠠ ᠬᠠᠯᠠᠭᠳᠠᠭᠰᠠᠳ ᠢ ᠤᠭᠲᠤᠬᠤ ᠶᠣᠰᠣᠯᠠᠯ ᠨᠢ ︽ᠨᠢᠭᠡ ᠦᠶ᠎ᠡ ᠶᠢᠨ ᠴᠡᠷᠢᠭ ᠨᠢᠭᠡ ᠨᠠᠰᠣᠨ ᠤ ᠢᠷᠡᠭᠤ ᠠᠯᠳᠠᠷ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠳ ᠲᠤ ᠨᠡᠶᠢᠭᠡᠮ ᠤᠨ ᠬᠦᠨᠳᠦᠳᠬᠡᠯ ᠢ ᠦᠨᠡᠨᠬᠦ ᠬᠦᠷᠲᠡᠭᠡᠵᠦ᠂ ᠴᠡᠷᠢᠭ ᠤᠨ ᠬᠥᠮᠦᠨ ᠤ ᠢᠷᠠᠭᠤ ᠠᠯᠳᠠᠷ ᠢ ᠡᠳ᠋ᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠴᠡᠷᠢᠭ ᠠᠴᠠ ᠬᠠᠯᠠᠭᠳᠠᠭᠰᠠᠳ ᠤᠨ ᠥᠩᠭᠡ ᠭᠢᠯᠪᠠᠭ᠎ᠠ ᠶᠢ ᠥᠯᠥ ᠪᠠᠭᠤᠷᠠᠭᠤᠯᠬᠤ᠂ ᠨᠤᠲᠤᠭ ᠲᠠᠭᠠᠨ ᠪᠤᠴᠠᠵᠤ ᠰᠢᠨ᠎ᠡ ᠭᠠᠪᠢᠶ᠎ᠠ ᠪᠠᠶᠢᠭᠤᠯᠬᠤ ᠠᠤᠭ᠎ᠠ ᠵᠣᠷᠢᠭ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠶᠤᠮ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号