ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠲᠦᠭᠡᠮᠡᠯ ᠬᠠᠶᠢᠷ᠎ᠠ ᠨᠢᠭᠡ ᠡᠳᠦᠷ ᠤᠨ ᠬᠠᠨᠳᠢᠪ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/30
        ᠬᠥᠮᠥᠡᠯᠢᠭ ᠶᠣᠰᠦ᠂ ᠲᠦᠭᠡᠮᠡᠯ ᠬᠠᠶᠢᠷ᠎ᠠ᠂ ᠬᠠᠷᠠᠮ ᠥᠬᠡᠶ ᠵᠣᠷᠢᠭᠤᠯᠬᠤ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠠᠶᠤᠯ ᠠᠴᠠ ᠠᠪᠤᠷᠠᠵᠤ ᠬᠦᠴᠢᠷᠳᠡᠯ ᠢ ᠲᠡᠳᠬᠦᠬᠦ᠂ ᠪᠦᠯᠬᠦᠮᠳᠡᠯ ᠨᠥᠬᠦᠷᠯᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠶᠢᠵᠢᠭᠤᠯᠬᠤ ᠶᠢᠨ ᠳᠣᠯᠠᠳᠠ᠂ 9 ᠰᠠᠷ᠎ᠠ ᠶᠢᠨ 28 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ᠂ ᠨᠢᠭᠡ ᠡᠳᠦᠷ ᠤᠨ ᠣᠷᠣᠯᠭ᠎ᠠ ᠢᠶᠠᠨ ᠬᠠᠨᠳᠢᠪᠯᠠᠬᠤ ᠪᠠᠷ ᠭᠤᠤᠯ ᠰᠡᠳᠦᠪ ᠪᠣᠯᠭᠠᠭᠰᠠᠨ ︽ᠲᠦᠭᠡᠮᠡᠯ ᠬᠠᠶᠢᠷ᠎ᠠ ᠨᠢᠭᠡ ᠡᠳᠦᠷ ᠤᠨ ᠬᠠᠨᠳᠢᠪ︾ ᠤᠨ ᠠᠵᠢᠯᠯᠠᠭ᠎ᠠ ᠶᠢ ᠥᠷᠨᠢᠭᠦᠯᠪᠡ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠠᠵᠢᠯᠯᠠᠭ᠎ᠠ ᠳᠤ ᠣᠷᠣᠯᠴᠠᠪᠠ᠃      
   ᠠᠵᠢᠯᠯᠠᠭ᠎ᠠ ᠶᠢᠨ ᠳᠤᠮᠳᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠬᠤ ᠪᠠᠭ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠥᠪᠡᠷ ᠤᠨ ᠬᠠᠶᠢᠷ᠎ᠠ ᠬᠠᠯᠠᠮᠵᠢ ᠪᠠᠨ ᠡᠷᠭᠦᠪᠡ᠃        ᠲᠣᠰ ᠤᠳᠠᠭᠠᠨ ᠤ ᠠᠵᠢᠯᠯᠠᠭ᠎ᠠ ᠳᠤ ᠵᠠᠰᠠᠭ ᠤᠨ ᠣᠷᠳᠣᠨ ᠤ ᠡᠷᠭᠢᠯᠡᠭᠰᠡᠨ ᠺᠠᠳ᠋ᠷ ᠠᠵᠢᠯᠲᠠᠨ ᠠᠵᠢᠯᠴᠢᠨ ᠤ ᠠᠶᠤᠯ ᠠᠴᠠ ᠠᠪᠤᠷᠠᠵᠤ ᠬᠦᠴᠢᠷᠳᠡᠯ ᠢ ᠲᠡᠳᠬᠦᠬᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠬᠠᠷᠢᠭᠤᠴᠠᠯᠭ᠎ᠠ ᠡᠭᠦᠷᠭᠡᠯᠡᠯ ᠢ ᠳᠡᠯᠭᠡᠨ ᠦᠵᠡᠭᠦᠯᠵᠦ᠂ ᠬᠥᠮᠦᠨ ᠪᠦᠬᠦᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ᠂ ᠬᠥᠮᠦᠨ ᠪᠦᠬᠦᠨ ᠬᠠᠶᠢᠷ᠎ᠠ ᠰᠡᠳᠬᠢᠯᠭᠡ ᠪᠠᠨ ᠡᠷᠭᠦᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃     ᠰᠤᠷᠪᠤᠯᠵᠢᠯᠠᠭᠴᠢ᠄ ᠪᠦᠦ ᠯᠢᠩ ᠯᠢᠩ         ᠨᠠᠶᠢᠷᠠᠭᠤᠯᠤᠭᠴᠢ᠄ ᠵᠧᠩ ᠰᠢᠶᠤᠤ ᠢᠦᠢ  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号