ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠶ ᠠᠯᠪᠠᠨ ᠵᠠᠷᠯᠠᠯ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠳᠦᠪ ᠴᠢᠬᠡᠴᠢ ᠬᠤᠭᠤᠴᠠᠭ᠎ᠠ | ᠰᠣᠯᠢᠬᠤ ᠣᠷᠴᠢᠨ ᠨᠥᠬᠦᠴᠡᠯ ᠢ ᠪᠤᠢ ᠪᠣᠯᠭᠠᠬᠤ ᠶᠢᠨ ᠳᠣᠯᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠢᠨᠠᠨ ᠪᠠᠶᠢᠴᠠᠭᠠᠬᠤ ᠬᠤᠷᠢᠶᠠᠨ ᠤ ︽ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠰᠤᠷᠲᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠲᠤᠬᠠᠢ ᠮᠡᠳᠡᠭᠳᠡᠯ ︾ ︵ ᠲᠥᠪ ᠵᠣᠬᠢᠶᠠᠨ ᠪᠠᠶᠢᠭᠤᠯᠬᠤ ᠲᠠᠷᠬᠠᠭᠠᠭᠰᠠᠨ | ﹇2021﹈ 2 ᠳ᠋ᠤᠭᠠᠷ ᠲᠣᠭᠠᠲᠤ︶ ᠳᠤ ᠳᠤᠷᠠᠳᠤᠭᠰᠠᠨ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ | ᠪᠠᠲᠤ ᠶᠢᠨ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠦᠯᠪᠡᠭᠡ ᠪᠠᠶᠢᠭᠤᠯᠵᠦ ᠬᠤᠪᠢ ᠪᠠᠨ ᠪᠤᠷᠳᠤᠬᠤ ᠶᠢ ᠴᠢᠩᠭ᠎ᠠ ᠴᠠᠭᠠᠵᠠᠯᠠᠨ᠎ᠠ᠃ ᠳᠡᠭᠡᠭᠰᠢ ᠳᠣᠷᠣᠭᠰᠢ | ᠰᠦᠯᠪᠡᠭᠡᠯᠡᠨ ᠬᠤᠯᠪᠤᠭᠠᠯᠠᠵᠦ᠂ ᠵᠢᠵᠢᠭ ᠪᠦᠯᠬᠦᠮ ᠪᠠᠶᠢᠭᠤᠯᠬᠤ᠂ ᠬᠦᠮᠦᠨ ᠢᠶᠠᠷ ᠬᠤᠪᠢᠶᠠᠷᠢᠯᠠᠵᠦ᠂ ᠳᠤᠲᠤᠨᠤ ᠶᠢᠨ | ᠬᠦᠮᠦᠨ ᠢᠶᠠᠨ ᠲᠤᠮᠢᠯᠠᠵᠦ ᠦᠭᠡᠷ᠎ᠡ ᠪᠤᠰᠤᠳ ᠢ ᠭᠠᠳᠠᠭᠤᠷᠴᠢᠯᠠᠬᠤ ᠪᠠ ᠬᠤᠪᠢ ᠶᠢᠨ ᠬᠠᠮᠰᠠᠭᠠᠳᠠᠨ ᠢᠶᠠᠨ | ᠪᠤᠵᠠᠭᠠᠶᠢᠷᠠᠭᠤᠯᠵᠦ ᠠᠰᠢᠭ ᠲᠣᠰᠠ ᠶᠢᠨ ᠪᠦᠯᠬᠦᠮ ᠪᠠᠶᠢᠭᠤᠯᠪᠠᠯ᠂ ᠴᠦᠮ ᠨᠠᠮ ᠤᠨ ᠰᠠᠬᠢᠯᠭ᠎ᠠ ᠵᠠᠰᠠᠭ ᠤᠨ | ᠶᠠᠪᠤᠳᠠᠯ ᠤᠨ ᠰᠢᠢᠳᠭᠡᠯ ᠦᠭᠭᠦᠨ᠎ᠡ᠃ | ᠬᠤᠶᠠᠷ᠂ ᠪᠢᠯᠧᠲ ᠲᠠᠲᠠᠵᠦ ᠰᠣᠩᠭᠤᠭᠤᠯᠢ ᠳᠤ ᠬᠡᠬᠡᠯᠢ ᠲᠦᠯᠬᠢᠬᠦ ᠶᠢ ᠴᠢᠩᠭ᠎ᠠ ᠴᠠᠭᠠᠵᠠᠯᠠᠨ᠎ᠠ᠃ ᠳᠠᠶᠢᠯᠠᠯᠭ᠎ᠠ ᠬᠢᠬᠦ᠂ | ᠬᠡᠷᠡᠭᠯᠡᠭᠡᠨ ᠤ ᠠᠵᠢᠯᠯᠠᠭ᠎ᠠ ᠲᠣᠬᠢᠷᠠᠭᠤᠯᠬᠤ᠂ ᠲᠦᠷᠭᠡᠨ ᠬᠦᠷᠭᠡᠯᠲᠡ ᠪᠠᠷ ᠭᠤᠪᠢᠭᠤᠯᠬᠤ᠂ ᠡᠯᠧᠺᠲᠷᠤᠨ ᠪᠡᠯᠡᠭ ᠤᠨ | ᠪᠠᠭᠯᠠᠭ᠎ᠠ᠂ ᠰᠦᠯᠵᠢᠶ᠎ᠠ ᠪᠠᠷ ᠵᠣᠭᠤᠰ ᠰᠢᠯᠵᠢᠭᠦᠯᠬᠦ ᠵᠡᠷᠭᠡ ᠠᠷᠭ᠎ᠠ ᠪᠠᠷ ᠪᠡᠯᠡᠭ ᠰᠡᠯᠲᠡ ᠬᠦᠷᠬᠡᠬᠦ ᠵᠢᠴᠢ ᠣᠲᠠᠰᠣᠳᠠᠬᠤ | ᠂ ᠴᠢᠮᠡᠭᠡ ᠢᠯᠡᠭᠡᠬᠦ᠂ ᠨᠢᠭᠤᠷᠳᠠᠨ ᠣᠴᠠᠷᠠᠬᠤ᠂ ᠪᠤᠰᠤᠳ ᠲᠤ ᠨᠠᠶᠢᠳᠠᠬᠤ ᠵᠠᠷᠭᠡ ᠠᠷᠭ᠎ᠠ ᠬᠡᠯᠪᠡᠷᠢ ᠪᠠᠷ | ᠠᠷᠠᠳᠴᠢᠯᠠᠭᠰᠠᠨ ᠲᠠᠨᠢᠯᠴᠠᠭᠤᠯᠭ᠎ᠠ ᠪᠠ ᠰᠣᠩᠭᠤᠭᠤᠯᠢ ᠶᠢᠨ ᠠᠵᠢᠯ ᠤᠨ ᠳᠣᠮᠳᠠ ᠪᠢᠯᠧᠲ ᠳᠠᠳᠠᠬᠤ᠂ ᠬᠤᠯᠪᠤᠭᠠᠯᠠᠬᠤ | ᠂ ᠰᠣᠩᠭᠤᠭᠤᠯᠢ ᠳᠤ ᠬᠠᠪᠰᠤᠷᠬᠤ ᠵᠡᠷᠭᠡ ᠵᠤᠬᠢᠶᠠᠨ ᠪᠠᠶᠢᠭᠤᠯᠤᠯᠳᠠ ᠶᠢᠨ ᠪᠤᠰᠤ ᠠᠵᠢᠯᠯᠠᠭ᠎ᠠ ᠲᠠᠢ ᠪᠤᠯ᠂ ᠴᠦᠮ | ᠵᠢᠱᠢᠭᠳᠡᠭᠴᠢ ᠶᠢᠨ ᠨᠠᠷᠡᠰ ᠠᠴᠠ ᠭᠠᠷᠭᠠᠬᠤ ᠪᠤᠶᠤ ᠵᠢᠱᠢᠭᠳᠡᠭᠴᠢ ᠶᠢᠨ ᠬᠢᠷᠢ ᠬᠡᠮ ᠢ ᠨᠢ ᠦᠭᠡᠶᠢᠰᠭᠡᠵᠦ᠂ ᠪᠠᠶᠢᠳᠠᠯ ᠤᠨ | ᠬᠦᠨᠳᠦ ᠬᠦᠩᠭᠡᠨ ᠢ ᠦᠵᠡᠵᠦ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠴᠦ᠂ | ᠰᠣᠩᠭᠤᠭᠤᠯᠢ ᠳᠤ ᠬᠡᠬᠡᠯᠢ ᠲᠦᠯᠬᠢᠭᠰᠡᠳ ᠢ ᠬᠠᠤᠯᠢ ᠶᠣᠰᠣᠭᠠᠷ ᠰᠢᠢᠳᠪᠦᠷᠢᠯᠡᠨ᠎ᠡ᠃ | ᠭᠤᠷᠪᠠ᠂ ᠲᠣᠰᠢᠶᠠᠯ ᠬᠤᠳᠠᠯᠳᠣᠭᠠᠯᠠᠬᠤ ᠶᠢ ᠴᠢᠩᠭ᠎ᠠ ᠴᠠᠭᠠᠵᠠᠯᠠᠨ᠎ᠠ᠃ ᠡᠷᠬᠡ ᠲᠤᠰᠢᠶᠠᠯ ᠤᠯᠬᠤ᠂ ᠲᠤᠰᠢᠶᠠᠯ ᠤᠨ | ᠳᠡᠰ ᠣᠯᠭᠤᠮᠵᠢ ᠪᠠᠨ ᠳᠡᠭᠡᠭᠰᠢᠯᠡᠭᠦᠯᠬᠦ ᠵᠡᠷᠭᠡ ᠪᠠᠷ ᠬᠠᠷᠠᠯᠳᠠ ᠪᠤᠯᠭᠠᠵᠦ ᠪᠤᠰᠤᠳ ᠲᠤ ᠬᠡᠬᠡᠯᠢ ᠲᠦᠯᠬᠢᠬᠦ᠂ | ᠪᠣᠰᠣᠳ ᠢ ᠬᠠᠪᠰᠣᠷᠣᠨ ᠡᠷᠬᠡ ᠲᠣᠰᠢᠶᠠᠯ ᠣᠯᠭᠤᠵᠦ᠂ ᠲᠤᠰᠢᠶᠠᠯ ᠤᠨ ᠳᠡᠰ ᠣᠯᠭᠤᠮᠵᠢ ᠶᠢ ᠨᠢ ᠳᠡᠭᠡᠭᠰᠢᠯᠡᠭᠦᠯᠵᠦ᠂ | ᠬᠡᠬᠡᠯᠢ ᠬᠠᠭ᠋ᠤᠤᠯᠢ ᠠᠪᠣᠪᠠᠯ ᠴᠦᠮ ᠲᠤᠰᠢᠶᠠᠯ ᠠᠴᠠ ᠨᠢ ᠵᠤᠭᠰᠣᠭᠠᠬᠤ ᠪᠤᠶᠤ ᠲᠤᠰᠢᠶᠠᠯ ᠠᠴᠠ ᠨᠢ ᠣᠭᠴᠠᠷᠠᠭᠤᠯᠵᠦ᠂ | ᠳᠦᠷᠢᠮ ᠲᠤᠭᠲᠠᠭᠠᠯ ᠰᠠᠬᠢᠯᠭ᠎ᠠ ᠪᠠᠲᠣ ᠬᠠᠤᠯᠢ ᠴᠠᠭᠠᠵᠠ ᠶᠣᠰᠣᠭᠠᠷ ᠰᠢᠢᠳᠪᠦᠷᠢᠯᠡᠨ᠎ᠡ᠃ | ᠲᠦᠷᠪᠡ᠂ ᠲᠣᠰᠢᠶᠠᠯ ᠤᠨ ᠲᠦᠯᠦᠭᠡ ᠭᠦᠶᠦᠯᠳᠦᠬᠦ ᠶᠢ ᠴᠢᠩᠭ᠎ᠠ ᠴᠠᠭᠠᠵᠠᠯᠠᠨ᠎ᠠ᠃ ᠬᠠᠷᠢᠴᠠᠭ᠎ᠠ ᠪᠠᠶᠢᠭᠤᠯᠬᠤ ᠪᠣᠶᠣ | ᠠᠯᠪᠠᠳᠠᠬᠤ ᠵᠡᠷᠭᠡ ᠠᠷᠭ᠎ᠠ ᠪᠠᠷᠢᠯ ᠢᠶᠠᠷ ᠡᠷᠬᠡ ᠲᠣᠰᠢᠶᠠᠯ ᠤᠯᠵᠦ᠂ ᠲᠣᠰᠢᠶᠠᠯ ᠤᠨ ᠳᠡᠰ ᠣᠯᠭᠤᠮᠵᠢ ᠪᠠᠨ | ᠳᠡᠭᠡᠭᠰᠢᠯᠡᠭᠦᠯᠬᠦ ᠪᠠᠷ ᠣᠷᠣᠯᠳᠣᠪᠠᠯ ᠴᠦᠮ ᠳᠡᠪᠰᠢᠭᠦᠯᠵᠦ ᠪᠤᠯᠬᠤ ᠦᠭᠡᠢ ᠪᠤᠶᠤ ᠴᠢᠨᠠᠭᠰᠢᠳᠠ ᠬᠡᠷᠡᠭᠯᠡᠵᠦ ᠪᠤᠯᠬᠤ | ᠦᠭᠡᠢ ᠪᠦᠭᠡᠳ ᠪᠠᠶᠢᠳᠠᠯ ᠤᠨ ᠬᠦᠨᠳᠦ ᠬᠦᠩᠬᠡᠨ ᠢ ᠦᠵᠡᠵᠦ ᠰᠢᠭᠦᠮᠵᠢᠯᠡᠨ ᠬᠦᠮᠦᠵᠢᠭᠦᠯᠬᠦ᠂ ᠵᠤᠬᠢᠶᠠᠨ | ᠪᠠᠶᠢᠭᠤᠯᠤᠯᠳᠠ ᠠᠴᠠ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ | ᠳᠠᠪᠤ᠂ ᠬᠤᠪᠢ ᠬᠦᠮᠦᠨ ᠤ ᠵᠠᠷᠯᠢᠭ ᠢ ᠴᠢᠩᠭ᠎ᠠ ᠴᠠᠭᠠᠵᠠᠯᠠᠨ᠎ᠠ᠃ ᠬᠤᠪᠢ ᠬᠦᠮᠦᠨ ᠨᠠᠮ ᠤᠨ ᠵᠣᠬᠢᠶᠠᠨ | ᠪᠠᠶᠢᠭᠤᠯᠤᠯᠳᠠ ᠶᠢᠨ ᠬᠠᠮᠲᠤ ᠪᠠᠷ ᠰᠣᠳᠣᠯᠣᠭᠰᠠᠨ ᠲᠣᠭᠳᠠᠭᠠᠯ ᠢ ᠤᠷᠤᠯᠠᠨ ᠲᠣᠭᠳᠠᠭᠠᠬᠤ᠂ ᠵᠢᠭᠠᠪᠦᠷᠢ ᠦᠭᠬᠦ᠂ | ᠳᠡᠯᠳᠠᠭᠤᠷ ᠵᠠᠬᠢᠬᠤ᠂ ᠨᠡᠷ᠎ᠡ ᠵᠢᠭᠠᠵᠦ ᠲᠣᠭᠳᠠᠭᠠᠬᠤ ᠵᠡᠷᠭᠡ ᠪᠠᠷ ᠵᠢᠱᠢᠭᠳᠡᠭᠴᠢ ᠶᠢ ᠲᠤᠬᠢᠷᠠᠭᠤᠯᠤᠭᠰᠠᠨ ᠪᠤᠯ᠂ | ᠬᠤᠯᠪᠤᠭᠳᠠᠯ ᠪᠦᠬᠦᠢ ᠲᠤᠮᠢᠯᠠᠵᠦ ᠬᠡᠷᠡᠭᠯᠡᠬᠦ ᠲᠤᠭᠳᠠᠭᠠᠯ ᠢ ᠴᠦᠮ ᠦᠭᠡᠶᠢᠰᠭᠡᠬᠦ ᠶᠢᠨ ᠳᠠᠭᠠᠤ ᠬᠤᠯᠪᠤᠭᠳᠠᠯ ᠪᠦᠬᠦᠢ | ᠤᠳᠤᠷᠢᠳᠣᠯᠭ᠎ᠠ ᠪᠠ ᠬᠠᠮᠢᠶ᠎ᠠ ᠪᠦᠬᠦᠢ ᠠᠵᠢᠯᠳᠠᠨ ᠠᠴᠠ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠳᠠᠯᠳᠠᠭᠤᠷ ᠵᠠᠬᠢᠵᠦ ᠰᠠᠨᠠᠭᠤᠯᠬᠤ ᠶᠢ ᠴᠢᠩᠭ᠎ᠠ ᠴᠠᠭᠠᠵᠠᠯᠠᠨ᠎ᠠ᠃ ᠪᠤᠰᠤᠳ ᠲᠤ ᠲᠠᠨᠢᠯᠴᠠᠭᠤᠯᠬᠤ᠂ | ᠲᠤᠮᠢᠯᠠᠵᠦ ᠳᠡᠪᠰᠢᠭᠦᠯᠭᠦ ᠬᠠᠷᠢᠴᠠᠭ᠎ᠠ ᠶᠢ ᠰᠢᠯᠤᠭᠤᠳᠬᠠᠬᠤ᠂ ᠲᠣᠭᠳᠠᠭᠠᠯ ᠵᠦᠷᠢᠴᠡᠵᠦ ᠳᠣᠣᠷᠠᠳᠣ ᠱᠠᠳᠦ ᠪᠤᠶᠤ | ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠭᠠᠵᠠᠷ ᠣᠷᠣᠨ ᠪᠠ ᠨᠢᠭᠡᠴᠡ ᠶᠢᠨ ᠺᠠᠳ᠋ᠷ ᠰᠣᠩᠭᠤᠨ ᠬᠡᠷᠡᠭᠯᠡᠬᠦ ᠶᠢ | ᠬᠠᠷᠰᠢᠯᠠᠭᠰᠠᠨ ᠪᠤᠯ᠂ ᠴᠦᠮ ᠣᠳᠣᠷᠢᠳᠬᠤ ᠺᠠᠳ᠋ᠷ ᠳᠦᠷᠢᠮ ᠲᠤᠭᠳᠠᠭᠠᠯ ᠵᠦᠷᠢᠴᠡᠵᠦ ᠴᠢᠬᠤᠯᠠ ᠶᠡᠭᠡ ᠵᠦᠢᠯᠡᠰ ᠲᠤ | ᠭᠠᠷ ᠲᠦᠷᠢᠭᠰᠡᠨ ᠭᠡᠷᠡᠭ ᠢᠶᠠᠷ ᠲᠡᠮᠳᠡᠭᠯᠡᠵᠦ᠂ ᠪᠠᠶᠢᠳᠠᠯ ᠤᠨ ᠬᠦᠨᠳᠦ ᠬᠦᠩᠬᠡᠨ ᠢ ᠦᠵᠡᠵᠦ ᠰᠢᠭᠦᠮᠵᠢᠯᠡᠨ | ᠬᠦᠮᠦᠵᠢᠭᠦᠯᠬᠦ᠂ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠵᠠᠰᠠᠭ ᠤᠨ | ᠶᠠᠪᠤᠳᠠᠯ ᠤᠨ ᠰᠢᠢᠳᠭᠡᠯ ᠦᠭᠭᠦᠨ᠎ᠡ᠃ | ᠳᠣᠯᠤᠭ᠎ᠠ᠂ ᠳᠦᠷᠢᠮ ᠲᠤᠭᠳᠠᠭᠠᠯ ᠵᠦᠷᠢᠴᠡᠵᠦ ᠬᠦᠮᠦᠨ ᠭᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ | ᠰᠣᠯᠢᠬᠤ ᠲᠣᠬᠢᠶᠠᠯ ᠢᠶᠠᠷ ᠺᠠᠳ᠋ᠷ ᠲᠤᠮᠢᠯᠠᠨ ᠲᠤᠬᠢᠷᠠᠭᠤᠯᠬᠤ᠂ ᠲᠤᠰᠢᠶᠠᠯ ᠤᠨ ᠲᠤᠭ᠎ᠠ ᠶᠢ ᠬᠡᠲᠦᠷᠡᠭᠦᠯᠵᠦ ᠺᠠᠳ᠋ᠷ | ᠲᠤᠬᠢᠷᠠᠭᠤᠯᠬᠤ ᠪᠠ ᠳᠦᠷᠢᠮ ᠲᠣᠭᠳᠠᠭᠠᠯ ᠤᠨ ᠳᠡᠰ ᠳᠠᠷᠠᠭᠠᠯᠠᠯ ᠢ ᠵᠦᠷᠢᠴᠡᠵᠦ ᠺᠠᠳ᠋ᠷ ᠲᠤᠮᠢᠯᠠᠵᠦ ᠬᠡᠷᠭᠯᠡᠭᠰᠡᠨ ᠢ | ᠴᠦᠮ ᠨᠡᠶᠢᠳᠡᠯᠡᠨ ᠬᠦᠴᠦᠨ ᠦᠭᠡᠢ ᠪᠤᠯᠭᠠᠬᠤ ᠶᠢᠨ ᠳᠠᠭᠠᠣ ᠬᠤᠯᠪᠤᠭᠳᠠᠯ ᠪᠦᠬᠦᠢ ᠠᠵᠢᠯᠳᠠᠨ ᠢ ᠳᠦᠷᠢᠮ ᠲᠣᠭᠳᠠᠭᠠᠯ | ᠰᠠᠬᠢᠯᠭ᠎ᠠ ᠪᠠᠲᠣ ᠶᠣᠰᠣᠭᠠᠷ ᠰᠢᠢᠳᠪᠦᠷᠢᠯᠡᠨ᠎ᠡ᠃ | ᠨᠠᠢᠮᠠ᠂ ᠰᠣᠷᠠᠭ ᠴᠢᠮᠡᠭᠡ ᠵᠠᠳᠠᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠠᠵᠢᠯᠳᠠᠨ ᠤ | ᠶᠠᠪᠤᠳᠠᠯ ᠤᠨ ᠲᠤᠬᠢᠷᠠᠭᠤᠯᠤᠯᠳᠠ ᠵᠡᠷᠭᠡ ᠨᠢᠭᠤᠴᠠ ᠰᠣᠷᠠᠭ ᠴᠢᠮᠡᠭᠡ ᠶᠢ ᠵᠠᠳᠠᠷᠠᠭᠤᠯᠪᠠᠯ ᠬᠤᠯᠪᠤᠭᠳᠠᠯ ᠪᠦᠬᠦᠢ | ᠠᠵᠢᠯᠳᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠣ᠂ ᠬᠤᠳᠠᠯ ᠬᠠᠭᠤᠷᠮᠠᠭ ᠵᠤᠬᠢᠶᠠᠬᠤ ᠶᠢ ᠴᠢᠩᠭ᠎ᠠ ᠴᠠᠭᠠᠵᠠᠯᠠᠨ᠎ᠠ᠃ ᠺᠠᠳ᠋ᠷ ᠤᠨ ᠠᠵᠢᠯᠳᠠᠨ ᠤ ᠶᠠᠪᠣᠳᠠᠯ ᠤᠨ | ᠳᠠᠩᠰᠠ ᠡᠪᠬᠡᠮᠡᠯ ᠢ ᠦᠭᠡᠷᠡᠴᠢᠯᠡᠵᠦ ᠬᠠᠭᠤᠷᠮᠠᠭ ᠵᠤᠬᠢᠶᠠᠬᠤ᠂ ᠬᠤᠭᠤᠴᠠᠭ᠎ᠠ ᠰᠣᠯᠢᠬᠤ ᠠᠵᠢᠯ ᠤᠨ ᠬᠢᠨᠠᠨ | ᠰᠢᠯᠭᠠᠯᠳᠠ ᠳᠤ ᠦᠨᠡᠨ ᠪᠠᠶᠢᠳᠠᠯ ᠢ ᠳᠠᠯᠳᠠᠯᠠᠬᠤ ᠪᠤᠶᠤ ᠭᠠᠵᠢᠭᠤᠳᠠᠭᠤᠯᠤᠭᠰᠠᠨ ᠪᠤᠯ ᠴᠦᠮ ᠵᠠᠯᠠᠷᠠᠭᠤᠯᠬᠤ ᠶᠢᠨ | ᠳᠠᠭᠠᠣ᠂ ᠪᠠᠶᠢᠳᠠᠯ ᠤᠨ ᠬᠦᠨᠳᠦ ᠬᠦᠩᠬᠡᠨ ᠢ ᠦᠵᠡᠵᠦ ᠬᠤᠯᠪᠤᠭᠳᠠᠯ ᠪᠦᠬᠦᠢ ᠠᠵᠢᠯᠳᠠᠨ ᠢ ᠵᠤᠬᠢᠶᠠᠨ ᠪᠠᠶᠢᠭᠤᠯᠤᠯᠳᠠ | ᠠᠴᠠ ᠰᠢᠢᠳᠪᠦᠷᠢᠯᠡᠬᠦ ᠪᠣᠶᠣ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ | ᠠᠷᠪᠠ᠂ ᠬᠤᠭᠤᠴᠠᠭ᠎ᠠ ᠰᠣᠯᠢᠬᠤ ᠠᠵᠢᠯ ᠢ ᠬᠠᠷᠰᠢᠯᠠᠬᠤ ᠶᠢ ᠴᠢᠩᠭ᠎ᠠ ᠴᠠᠭᠠᠵᠠᠯᠠᠨ᠎ᠠ᠃ ᠬᠢᠯᠢ ᠶᠢᠨ ᠳᠣᠲᠣᠷ᠎ᠠ | ᠭᠠᠳᠠᠨᠠᠬᠢ ᠳᠠᠶᠢᠰᠤᠩᠨᠠᠭᠴᠢ ᠬᠦᠴᠦᠨ ᠬᠤᠭᠤᠴᠠᠭ᠎ᠠ ᠰᠣᠯᠢᠬᠤ ᠠᠵᠢᠯ ᠢ ᠬᠠᠷᠰᠢᠯᠠᠬᠤ ᠶᠢ ᠴᠢᠩᠭ᠎ᠠ ᠰᠡᠷᠭᠡᠶᠢᠯᠡᠵᠦ | ᠡᠷᠡᠰ ᠴᠤᠬᠢᠯᠳᠠ ᠦᠭᠭᠦᠨ᠎ᠡ᠃ ᠬᠠᠷ᠎ᠠ ᠪᠦᠯᠦᠭ ᠬᠠᠷᠬᠢᠰ ᠬᠦᠴᠦᠨ᠂ ᠰᠠᠳᠣᠨ ᠲᠦᠷᠦᠯ ᠤᠨ ᠬᠦᠴᠦᠨ᠂ ᠱᠠᠰᠢᠨ | ᠰᠣᠷᠳᠠᠬᠤᠨ ᠤ ᠬᠦᠴᠦᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢ ᠬᠠᠷᠰᠢᠯᠠᠬᠤ᠂ ᠳᠦᠷᠢᠮ ᠲᠣᠭᠳᠠᠭᠠᠯ | ᠵᠦᠷᠢᠴᠡᠵᠦ ᠬᠢᠯᠢ ᠶᠢᠨ ᠭᠠᠳᠠᠨᠠᠬᠢ ᠪᠠᠶᠢᠭᠤᠯᠤᠮᠵᠢ᠂ ᠵᠤᠬᠢᠶᠠᠨ ᠪᠠᠶᠢᠭᠤᠯᠤᠯᠳᠠ᠂ ᠬᠤᠪᠢ ᠬᠦᠮᠦᠨ ᠤ ᠳᠡᠮᠵᠢᠯᠭᠡ | ᠪᠤᠶᠤ ᠪᠤᠯᠪᠠᠰᠣᠷᠠᠯ ᠢ ᠬᠦᠯᠢᠶᠡᠬᠦ᠂ ᠠᠶᠤᠯᠭᠠᠬᠤ᠂ ᠮᠡᠬᠡᠯᠡᠬᠦ᠂ ᠠᠰᠢᠭ ᠢᠶᠠᠷ ᠲᠠᠲᠠᠬᠤ ᠵᠡᠷᠭᠡ ᠠᠷᠭ᠎ᠠ ᠪᠠᠷ | ᠪᠤᠰᠤᠳ ᠤᠨ ᠰᠤᠩᠭᠤᠭᠤᠯᠢ ᠶᠢᠨ ᠡᠷᠬᠡ ᠪᠠᠨ ᠴᠢᠯᠦᠭᠡᠳᠠᠢ ᠬᠡᠷᠡᠭᠯᠡᠬᠦ ᠶᠢ ᠬᠠᠷᠰᠢᠯᠠᠬᠤ᠂ ᠴᠤᠤᠷᠬᠠᠯ ᠲᠠᠷᠬᠠᠭᠠᠬᠤ᠂ | ᠬᠦᠳᠭᠡᠨ ᠬᠤᠤᠷᠯᠠᠬᠤ ᠪᠤᠶᠤ ᠦᠰᠢᠶ᠎ᠡ ᠠᠪᠣᠭᠰᠠᠳ ᠢ ᠴᠦᠮ ᠴᠢᠩᠭ᠎ᠠ ᠪᠠᠶᠢᠴᠠᠭᠠᠨ ᠰᠢᠢᠳᠭᠡᠵᠦ᠂ ᠬᠠᠤᠯᠢ | ᠵᠦᠷᠢᠴᠡᠭᠰᠡᠨ ᠶᠠᠯ᠎ᠠ ᠳᠤ ᠬᠤᠯᠪᠤᠭᠳᠠᠪᠠᠯ ᠬᠠᠣᠯᠢ ᠶᠤᠰᠤᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠪᠥᠬᠦ ᠬᠤᠲᠠ ᠶᠢᠨ ᠡᠯ᠎ᠡ ᠱᠠᠲᠤᠨ ᠤ ᠣᠳᠣᠷᠢᠳᠣᠯᠭ᠎ᠠ ᠺᠠᠳ᠋ᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ | ᠲᠦᠷᠦᠭᠦᠯᠡᠨ ᠰᠠᠬᠢᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠥᠯᠢᠭᠡᠷ ᠳᠠᠭᠤᠷᠢᠶᠠᠯ ᠪᠣᠯᠵᠣ | ᠂ ᠲᠦᠪ ᠴᠢᠬᠡᠴᠢ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ᠥᠷᠭᠡᠨ ᠣᠯᠠᠨ ᠠᠷᠠᠳ ᠲᠦᠮᠡᠨ ᠤ ᠮᠠᠨ ᠤ ᠬᠤᠲᠠ ᠶᠢᠨ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠶᠢ | ᠪᠠᠶᠠᠷᠯᠠᠨ ᠣᠭᠳᠣᠵᠣ ᠪᠠᠶᠢᠨ᠎ᠠ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ | ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠵᠣᠬᠢᠶᠠᠨ ᠪᠠᠶᠢᠭᠤᠯᠤᠯᠲᠠ ᠳᠤ ᠮᠡᠳᠡᠭᠦᠯᠦᠭᠡᠷᠡᠢ᠃ | ᠢᠯᠡᠴᠢᠯᠡᠨ ᠮᠡᠳᠡᠭᠦᠯᠬᠦ ᠬᠡᠯᠪᠡᠷᠢ | ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠢᠯᠡᠴᠢᠯᠡᠨ ᠮᠡᠳᠡᠭᠦᠯᠬᠦ ᠤᠲᠠᠰᠤ᠄ 0479 — 7526300᠂ 15704796300 | ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠬᠦ ᠬᠠᠶ᠋ᠢᠭ᠄ http://neimeng.12388.gov.cn | ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶ᠋ᠢᠭ᠄ ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ︵ᠡᠷᠢᠶᠡᠨ ᠬᠤᠲᠠ ᠶᠢᠨ ᠨᠠᠮ ᠵᠠᠰᠠᠭ ᠤᠨ 1 | ᠳ᠋ᠣᠬᠡᠷ ᠠᠰᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ | ᠰᠤᠷᠪᠤᠯᠵᠢᠯᠠᠭ᠎ᠠ ᠶᠢᠨ ᠲᠠᠰᠤᠭ 130 ᠲᠠᠰᠤᠭ᠂ ᠰᠢᠤᠳᠠᠨ ᠳ᠋ᠤᠭᠠᠷ᠄ 011100︶ | ᠡᠷᠢᠶᠡᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠢᠯᠡᠴᠢᠯᠡᠨ ᠮᠡᠳᠡᠭᠦᠯᠬᠦ ᠤᠲᠠᠰᠤ᠄ 0479 — 12380 | ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶ᠋ᠢᠭ᠄ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠺᠠᠳ᠋ᠷ ᠤᠨ ᠬᠥᠮᠦᠵᠢᠯ ᠤᠨ ᠬᠢᠨᠠᠨ ᠰᠢᠯᠭᠠᠵᠤ ᠬᠢᠨᠠᠯᠲᠠ ᠲᠠᠯᠪᠢᠬᠤ ᠰᠠᠯᠠᠭ᠎ᠠ 305 ᠲᠠᠰᠤᠭ ︵ᠡᠷᠢᠶᠡᠨ | ᠬᠤᠲᠠ ᠶᠢᠨ ᠨᠠᠮ ᠵᠠᠰᠠᠭ ᠤᠨ 1 ᠳ᠋ᠣᠬᠡᠷ ᠠᠰᠠᠷ᠂ ᠰᠢᠤᠳᠠᠨ ᠳ᠋ᠤᠭᠠᠷ᠄ 011100︶ | ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠷᠢᠶᠡᠨ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠡᠷᠢᠶᠡᠨ | ᠬᠤᠲᠠ ᠶᠢᠨ ᠬᠢᠨᠠᠨ ᠪᠠᠶᠢᠴᠠᠭᠠᠬᠤ ᠵᠥᠪᠯᠡᠯ | | 2021 ᠣᠨ ᠤ 9 ᠰᠠᠷ᠎ᠠ ᠶᠢᠨ 6 ᠤ ᠡᠳᠦᠷ |