ᠮᠣᠩᠭᠤᠯ ᠳᠣᠮᠳᠠᠳᠦ ᠰᠣᠷᠭᠠᠭᠤᠯᠢ ᠰᠣᠷᠣᠭᠴᠢᠳ ᠲᠤ  ᠪᠠᠨ ᠲᠦᠷᠦᠭᠰᠡᠨ ᠡᠳᠦᠷ ᠤᠨ ᠪᠡᠶᠡᠷ ᠪᠡᠯᠬᠡᠯᠡᠵᠦ ᠦᠭᠪᠡ
ᠨᠡᠶᠢᠲᠡᠯᠡᠭᠰᠡᠨ ᠴᠠᠭ᠄
2021/9/7
       ᠰᠤᠷᠤᠭᠴᠢᠳ ᠲᠤ ᠬᠠᠯᠠᠭᠤᠨ ᠳᠤᠯᠠᠭᠠᠨ ᠲᠥᠷᠥᠭᠳᠡᠯ ᠥᠭᠴᠦ᠂ ᠠᠴᠢ ᠬᠠᠷᠢᠭᠤᠯᠬᠤ ᠶᠢ ᠰᠤᠷᠭᠠᠬᠤ ᠶᠢᠨ ᠳᠣᠯᠠᠳᠠ᠂ 9 ᠰᠠᠷ᠎ᠠ ᠶᠢᠨ 3 ᠤ ᠡᠳᠦᠷ᠂ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠪᠠᠶᠢᠭᠤᠯᠤᠭᠳᠠᠭᠰᠠᠨ ᠲᠠᠪᠤᠨ ᠵᠢᠯ ᠤᠨ ᠣᠶ ᠵᠢᠴᠢ ᠭᠤᠷᠪᠠᠳᠤᠭᠠᠷ ᠬᠤᠭᠤᠴᠠᠭᠠᠨ ᠤ 13 ᠨᠠᠰᠤᠨ ᠤ ᠲᠥᠷᠥᠭᠰᠡᠨ ᠡᠳᠦᠷ ᠢᠶᠠᠨ ᠬᠠᠮᠳᠦ ᠪᠠᠷ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠪᠥᠬᠦ ᠪᠠᠭᠰᠢ ᠰᠤᠷᠤᠭᠴᠢᠳ ᠠᠴᠠ 136 ᠨᠡᠷᠡᠰ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠳᠤ ᠨᠢᠭᠡᠨ ᠮᠠᠷᠲᠠᠭᠳᠠᠰᠢ ᠥᠬᠡᠶ ᠬᠠᠯᠠᠭᠤᠨ ᠳᠣᠲᠣᠨᠣ ᠬᠠᠮᠲᠤ ᠶᠢᠨ ᠲᠥᠷᠥᠭᠰᠡᠨ ᠡᠳᠦᠷ ᠤᠨ ᠪᠠᠶᠠᠷ ᠢ ᠥᠩᠭᠡᠷᠡᠭᠦᠯᠪᠡ᠃
     ᠲᠤᠰ ᠡᠳᠦᠷ ᠤᠨ ᠦᠳᠡ ᠶᠢᠨ ᠬᠤᠶᠢᠨ᠎ᠠ᠂ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ 136 ᠰᠢᠨ᠎ᠡ ᠰᠤᠷᠤᠭᠴᠢ ᠰᠤᠷᠭᠠᠭᠤᠯᠢ ᠶᠢᠨ ᠴᠥᠩ ᠭᠤᠸᠠᠩ ᠠᠰᠠᠷ ᠲᠤ ᠴᠤᠭᠯᠠᠷᠠᠵᠤ᠂ ᠪᠠᠭᠰᠢ ᠪᠣᠯᠤᠨ ᠭᠡᠷ ᠤᠨ ᠠᠬᠠᠮᠠᠳ ᠲᠠᠢ ᠪᠠᠨ ᠬᠠᠮᠲᠤ ᠥᠪᠡᠷ ᠤᠨ 13 ᠨᠠᠰᠤᠨ ᠤ ᠲᠥᠷᠥᠭᠰᠡᠨ ᠡᠳᠦᠷ ᠢᠶᠠᠨ ᠪᠡᠯᠭᠡᠯᠡᠵᠡᠶ᠃ ᠡᠨᠡ ᠡᠳᠦᠷ ᠨᠢ ᠪᠠᠰᠠ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 76 ᠵᠢᠯ ᠤᠨ ᠣᠶ ᠶᠢᠨ ᠳᠤᠷᠠᠰᠬᠠᠯ ᠤᠨ ᠡᠳᠦᠷ ᠲᠠᠢ ᠲᠣᠬᠢᠶᠠᠯᠳᠤᠵᠤ᠂ ᠪᠦᠬᠦ ᠪᠠᠭᠰᠢ ᠰᠤᠷᠤᠭᠴᠢᠳ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠵᠠᠯᠠᠭᠤᠴᠤᠳ ᠪᠠᠭᠠᠴᠤᠳ ᠤᠨ ᠸᠢᠳᠢᠣ᠋ ᠶᠢ ᠰᠣᠨᠢᠷᠬᠠᠵᠤ᠂ ᠪᠦᠬᠦ ᠰᠤᠷᠭᠠᠭᠤᠯᠢ ᠶᠢᠨ ᠰᠤᠷᠤᠭᠴᠢᠳ ᠢ ᠬᠠᠷᠠᠬᠠᠨ ᠪᠠᠭ᠎ᠠ ᠠᠴᠠ ᠪᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠤᠯᠠ ᠮᠥᠷ ᠢᠶᠠᠷ ᠡᠷᠡᠯᠬᠡᠭᠯᠡᠨ ᠤᠷᠤᠭᠰᠢᠯᠠᠬᠤ ᠶᠢ ᠳᠠᠬᠢᠨᠲᠠ ᠵᠣᠷᠢᠭᠵᠢᠭᠤᠯᠪᠠ᠃  
     ᠣᠶᠢᠯᠠᠭᠠᠭᠰᠠᠨ ᠢᠶᠠᠷ᠂ ᠰᠤᠷᠤᠭᠴᠢᠳ ᠢ ᠵᠥᠪ ᠠᠮᠢᠳᠤᠷᠠᠬᠤᠶ ᠶᠢᠨ ᠦᠵᠡᠯᠲᠡ᠂ ᠶᠢᠷᠲᠢᠨᠴᠦ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠬᠤ ᠶᠢᠨ ᠳᠣᠯᠠᠳᠠ᠂ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠵᠢᠯ ᠪᠦᠷᠢ ᠰᠤᠷᠭᠠᠭᠤᠯᠢ ᠳᠤ ᠣᠷᠣᠭᠰᠠᠨ ᠰᠢᠨ᠎ᠡ ᠰᠤᠷᠤᠭᠴᠢᠳ ᠢ ᠵᠣᠬᠢᠶᠠᠨ ᠪᠠᠶᠢᠭᠤᠯᠤᠨ ᠣᠯᠠᠨ ᠶᠠᠩᠵᠤ ᠶᠢᠨ ᠬᠡᠯᠪᠡᠷᠢ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠮᠣᠷᠠᠯ ᠰᠤᠷᠤᠯᠭ᠎ᠠ ᠬᠤᠤᠰᠯᠠᠭᠰᠠᠨ᠂  ᠥᠭᠡᠳᠡᠷᠬᠡᠭ  ᠰᠡᠳᠬᠢᠯᠭᠡ ᠲᠠᠢ ᠰᠢᠨ᠎ᠡ ᠴᠠᠭ ᠦᠶ᠎ᠡ ᠶᠢᠨ ᠰᠠᠶᠢᠨ ᠰᠣᠷᠣᠭᠴᠢ ᠪᠣᠯᠭᠠᠬᠤ ᠪᠠᠷ ᠴᠢᠷᠮᠠᠶᠢᠵᠤ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号