ᠭᠠᠷᠴᠠᠭ᠄ | ᠬᠤᠳᠠ ᠶᠢᠨ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠴᠠᠬᠢᠯᠭᠠᠨ ᠬᠦᠳᠡᠯᠭᠡᠭᠦᠷᠲᠤ ᠲᠡᠷᠭᠡᠨ ᠤ ᠵᠠᠮ ᠬᠠᠷᠢᠯᠴᠠᠭᠠᠨ ᠤ ᠳᠦᠷᠢᠮ ᠢ ᠵᠥᠷᠢᠴᠡᠭᠰᠡᠨ ᠠᠵᠢᠯᠯᠠᠭ᠎ᠠ ᠳᠤ ᠲᠤᠰᠬᠠᠢ | ᠵᠠᠰᠠᠨ ᠴᠡᠭᠴᠡᠯᠡᠯᠲᠡ ᠬᠢᠭᠰᠡᠨ | | ᠤᠷᠴᠢᠭᠤᠯᠤᠭᠴᠢ᠄ ᠰᠤᠯᠤᠩᠭᠤᠸ᠎ᠡ | | ᠤᠳᠤᠷᠢᠳᠬᠠᠯ᠄ | ᠮᠠᠨ ᠤ ᠬᠤᠳᠠ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠳᠤᠮᠳᠠ᠂ ᠴᠠᠬᠢᠯᠭᠠᠨ | ᠬᠦᠳᠡᠯᠭᠡᠭᠦᠷᠲᠤ ᠮᠠᠰᠢᠨ ᠲᠡᠷᠭᠡ ᠶᠢᠨ ᠳᠦᠷᠢᠮ ᠢ ᠵᠥᠷᠢᠴᠡᠨ ᠵᠤᠭᠰᠤᠭᠠᠵᠤ ᠪᠠᠶᠢᠭ᠎ᠠ ᠪᠠᠶᠢᠳᠠᠯ ᠢ ᠭᠤᠤᠯᠳᠠᠯᠭᠠᠲᠠᠢ | ᠪᠠᠶᠢᠴᠠᠭᠠᠵᠤ᠂ ᠰᠠᠶᠢᠨ ᠬᠢᠷᠢ ᠪᠦᠲᠦᠮᠵᠢ ᠤᠯᠤᠭᠰᠠᠨ ᠪᠠᠶᠢᠨ᠎ᠠ᠃ ᠦᠢᠷ᠎ᠠ ᠶᠢᠨ ᠬᠤᠭᠤᠴᠠᠭᠠᠨ ᠳᠤ᠂ ᠬᠤᠳᠠ | ᠶᠢᠨ ᠲᠤᠳᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ | ᠴᠠᠭᠳᠠᠭ᠎ᠠ ᠴᠠᠭᠳᠠᠨ ᠪᠠᠶᠢᠴᠠᠭᠠᠯᠲᠠ ᠳᠤᠮᠳᠠ ᠨᠢᠭᠡ ᠪᠦᠯᠦᠭ ᠬᠤᠳᠠ ᠶᠢᠨ ᠠᠷᠠᠳ ᠮᠦᠨ ᠯᠠ ᠲᠤᠭᠲᠠᠭᠠᠯ | ᠶᠤᠰᠤᠭᠠᠷ ᠲᠡᠷᠭᠡ ᠤᠨᠤᠭ᠎ᠠ ᠪᠠᠨ ᠵᠤᠭᠰᠤᠭᠠᠬᠤ ᠦᠭᠡᠢ ᠪᠠᠶᠢᠬᠤ ᠦᠵᠡᠭᠳᠡᠯ ᠤᠷᠤᠰᠢᠵᠤ ᠪᠠᠶᠢᠬᠤ ᠶᠢ ᠮᠡᠳᠡᠵᠡᠢ ᠃ | ᠲᠡᠷᠭᠡ ᠵᠤᠭᠰᠤᠭᠠᠬᠤ ᠳᠦᠷᠢᠮ ᠢ ᠳᠦᠷᠢᠮᠵᠢᠭᠦᠯᠦᠨ᠂ ᠬᠤᠳᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ | ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠰᠠᠶᠢᠨ ᠬᠢᠬᠦ ᠶᠢᠨ ᠲᠥᠯᠦᠭᠡ᠂ ᠬᠤᠳᠠ ᠶᠢᠨ | ᠲᠤᠳᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠬᠢᠯᠭᠠᠨ ᠬᠦᠳᠡᠯᠭᠡᠭᠦᠷᠲᠤ | ᠲᠡᠷᠭᠡᠨ ᠤ ᠵᠠᠮ ᠬᠠᠷᠢᠯᠴᠠᠭᠠᠨ ᠤ ᠳᠦᠷᠢᠮ ᠢ ᠵᠥᠷᠢᠴᠡᠵᠦ ᠪᠠᠶᠢᠭ᠎ᠠ ᠪᠠᠶᠢᠳᠠᠯ ᠳᠤ ᠲᠤᠰᠬᠠᠢ ᠵᠠᠰᠠᠨ ᠴᠡᠭᠴᠡᠯᠡᠯᠲᠡ | ᠶᠢᠨ ᠠᠵᠢᠯᠯᠠᠭ᠎ᠠ ᠥᠷᠨᠢᠭᠦᠯᠵᠡᠢ᠃ | | ᠲᠠᠶᠢᠯᠤᠮᠵᠢ᠄ | ᠵᠠᠰᠠᠨ ᠴᠡᠭᠴᠡᠯᠡᠬᠦ ᠠᠵᠢᠯᠯᠠᠭ᠎ᠠ ᠳᠤᠮᠳᠠ᠂ ᠠᠷᠠᠳ ᠤᠨ ᠴᠠᠭᠳᠠᠭ᠎ᠠ ᠠᠴᠠ ᠬᠤᠳᠠ ᠶᠢᠨ ᠭᠤᠤᠯ ᠵᠠᠮ | ᠱᠤᠭᠤᠮ᠂ ᠵᠡᠭᠡᠯᠢ ᠭᠤᠳᠤᠮᠵᠢ ᠳᠤ ᠤᠷᠤᠰᠢᠵᠤ ᠪᠠᠶᠢᠭ᠎ᠠ ᠴᠠᠬᠢᠯᠭᠠᠨ ᠬᠦᠳᠡᠯᠭᠡᠭᠦᠷᠲᠤ ᠲᠡᠷᠭᠡ ᠶᠢᠨ ᠳᠦᠷᠢᠮ | ᠲᠤᠭᠲᠠᠭᠠᠯ ᠢ ᠵᠥᠷᠢᠴᠡᠨ ᠵᠤᠭᠰᠤᠭᠠᠵᠤ ᠪᠠᠶᠢᠭ᠎ᠠ ᠪᠤᠯᠪᠠᠰᠤᠨ ᠪᠤᠰᠤ ᠠᠵᠢᠯᠯᠠᠭ᠎ᠠ ᠳᠤ ᠲᠥᠪᠯᠡᠷᠡᠭᠦᠯᠦᠨ ᠵᠠᠰᠠᠨ | ᠴᠡᠭᠴᠡᠯᠡᠯᠲᠡ ᠬᠢᠵᠡᠢ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠦᠷᠭᠡᠨ ᠤᠯᠠᠨ ᠬᠤᠳᠠ ᠶᠢᠨ ᠠᠷᠠᠳ ᠢ | ᠳᠦᠷᠢᠮ ᠶᠤᠰᠤᠭᠠᠷ ᠲᠡᠷᠭᠡ ᠤᠨᠤᠭ᠎ᠠ ᠪᠠᠨ ᠵᠤᠭᠰᠤᠭᠠᠬᠤ ᠶᠢ ᠢᠳᠬᠠᠵᠤ᠂ ᠵᠠᠮ ᠬᠠᠷᠢᠯᠴᠠᠭᠠᠨ ᠤ ᠠᠮᠤᠷ ᠲᠥᠪᠰᠢᠨ | ᠂ ᠪᠤᠯᠪᠠᠰᠤᠨ ᠢᠶᠠᠷ ᠠᠶᠠᠯᠠᠬᠤ ᠵᠡᠷᠭᠡ ᠬᠠᠮᠢᠶᠠᠲᠠᠢ ᠠᠭᠤᠯᠭ᠎ᠠ ᠶᠢᠨ ᠲᠤᠭᠤᠷᠢᠨ ᠳᠤ ᠤᠯᠠᠨ ᠳᠤ ᠢᠳᠡᠪᠬᠢᠲᠠᠢ | ᠤᠬᠠᠭᠤᠯᠵᠤ᠂ ᠬᠤᠳᠠ ᠶᠢᠨ ᠠᠷᠠᠳ ᠤᠨ ᠪᠤᠯᠪᠠᠰᠤᠨ ᠬᠡᠪ ᠪᠤᠯᠪᠠᠰᠤᠷᠠᠯ᠂ ᠬᠤᠳᠠ ᠶᠢᠨ ᠵᠠᠮ ᠬᠠᠷᠢᠯᠴᠠᠭᠠᠨ ᠤ | ᠪᠤᠯᠪᠠᠰᠤᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠤᠯᠪᠠᠰᠤᠨ ᠡᠶ᠎ᠡ ᠨᠠᠶᠢᠷᠠᠮᠳᠠᠭᠤ᠂ ᠡᠮᠬᠢ ᠲᠢᠭᠯᠢᠮ ᠲᠠᠢ | ᠬᠤᠳᠠ ᠶᠢᠨ ᠵᠠᠮ ᠬᠠᠷᠢᠯᠴᠠᠭᠠᠨ ᠤ ᠤᠷᠴᠢᠨ ᠢ ᠪᠦᠷᠢᠯᠳᠦᠭᠦᠯᠬᠦ ᠶᠢ ᠰᠠᠨᠠᠭᠠᠴᠢᠯᠠᠭᠰᠠᠨ ᠪᠠᠶᠢᠨ᠎ᠠ᠃ | ᠰᠤᠷᠪᠤᠯᠵᠢᠯᠠᠭ᠎ᠠ᠄ ᠪᠤᠯᠪᠠᠰᠤᠨ ᠵᠠᠮ ᠬᠠᠷᠢᠯᠴᠠᠭ᠎ᠠ ᠪᠤᠯ ᠬᠤᠳᠠ ᠶᠢᠨ ᠪᠤᠯᠪᠠᠰᠤᠨ ᠤ ᠴᠢᠬᠤᠯᠠ | ᠭᠤᠭᠴᠤᠭ᠎ᠠ᠂ ᠡᠮᠬᠢ ᠲᠢᠭᠯᠢᠮ ᠲᠠᠢ ᠵᠠᠮ ᠬᠠᠷᠢᠯᠴᠠᠭᠠᠨ ᠤ ᠤᠷᠴᠢᠨ ᠢ ᠪᠦᠷᠢᠯᠳᠦᠭᠦᠯᠬᠦ ᠨᠢ | ᠪᠦᠬᠦ ᠬᠤᠳᠠ ᠶᠢᠨ ᠠᠷᠠᠳ ᠤᠨ ᠬᠠᠮᠲᠤ ᠶᠢᠨ ᠤᠷᠤᠯᠴᠠᠯᠭ᠎ᠠ᠂ ᠬᠠᠮᠲᠤ ᠶᠢᠨ ᠪᠦᠲᠦᠭᠡᠨ | ᠪᠠᠶᠢᠭᠤᠯᠤᠯᠲᠠ ᠠᠴᠠ ᠰᠠᠯᠵᠤ ᠴᠢᠳᠠᠰᠢ ᠦᠭᠡᠢ ᠶᠤᠮ᠃ ᠮᠠᠨ ᠤ ᠬᠤᠳᠠ ᠶᠢᠨ ᠪᠦᠬᠦ | ᠤᠯᠤᠰ ᠤᠨ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠶᠠᠪᠤᠴᠠ ᠳᠤ᠂ ᠬᠦᠮᠦᠨ ᠪᠤᠯᠭᠠᠨ | ᠵᠠᠮ ᠬᠠᠷᠢᠯᠴᠠᠭᠠᠨ ᠤ ᠳᠦᠷᠢᠮ ᠢ ᠰᠠᠬᠢᠵᠤ᠂ ᠬᠠᠮᠲᠤ ᠪᠠᠷ ᠪᠤᠯᠪᠠᠰᠤᠨ ᠵᠠᠮ ᠬᠠᠷᠢᠯᠴᠠᠭᠠᠨ ᠤ ᠤᠷᠴᠢᠨ ᠢ | ᠪᠦᠷᠢᠯᠳᠦᠭᠦᠯᠬᠦ ᠪᠠᠷ ᠴᠢᠷᠮᠠᠶᠢᠶ᠎ᠠ᠂᠂ | ᠦᠢᠯᠠᠭᠠᠯᠲᠠ ᠪᠠᠷ᠂ ᠬᠤᠳᠠ ᠶᠢᠨ ᠲᠤᠳᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ | ᠶᠢᠨ ᠶᠡᠭᠡ ᠠᠩᠭᠢ ᠮᠠᠰᠢᠨ ᠲᠡᠷᠭᠡ᠂ ᠴᠠᠬᠢᠯᠭᠠᠨ ᠬᠦᠳᠡᠯᠭᠡᠭᠦᠷᠲᠤ ᠲᠡᠷᠭᠡ ᠶᠢ ᠲᠤᠭᠲᠠᠭᠠᠯ ᠶᠤᠰᠤᠭᠠᠷ | ᠵᠤᠭᠰᠤᠭᠠᠬᠤ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠰᠠᠶᠢᠨ ᠰᠠᠶᠢᠬᠠᠨ ᠨᠡᠶᠢᠭᠡᠮ ᠤᠨ ᠤᠷᠴᠢᠨ ᠢ | ᠪᠦᠷᠢᠯᠳᠦᠭᠦᠯᠵᠦ᠂ ᠡᠮᠬᠢ ᠲᠢᠭᠯᠢᠮ ᠲᠠᠢ ᠬᠤᠳᠠ ᠶᠢᠨ ᠤᠷᠴᠢᠨ ᠢ ᠪᠦᠷᠢᠯᠳᠦᠭᠦᠯᠦᠭᠰᠡᠨ ᠪᠠᠶᠢᠨ᠎ᠠ᠃ |