| ᠮᠠᠨ ᠤ ᠬᠤᠲᠠ ᠶᠢᠨ ᠴᠢᠬᠤᠯᠠ ᠪᠣᠯᠬᠤ ᠰᠠᠭᠤᠷᠢ ᠲᠥᠬᠦᠭᠡᠷᠦᠮᠵᠢ ᠂ ᠭᠤᠤᠯᠳᠠᠯᠭ᠎ᠠ ᠲᠠᠢ ᠲᠥᠷᠥᠯ ᠵᠦᠢᠯ ᠤᠨ | ᠨᠢᠭᠡ ᠪᠣᠯᠤᠭᠰᠠᠨ ᠪᠠᠷᠠᠭᠤᠨ ᠲᠣᠭᠤᠷᠢᠭ ᠤᠨ ᠭᠤᠣᠷᠰᠦ ᠰᠦᠯᠵᠢᠶ᠎ᠡ ᠶᠢ ᠥᠭᠡᠷᠡᠴᠢᠯᠡᠬᠦ ᠢᠨᠵᠧᠨᠧᠷᠢᠩ ᠨᠢ | ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠭᠠᠷ ᠢᠷᠡᠵᠡᠶ᠃ ᠥᠭᠡᠷᠡᠴᠢᠯᠡᠯᠲᠡ ᠶᠢᠨ ᠢᠨᠵᠧᠨᠧᠷᠢᠩ ᠤᠨ | ᠲᠠᠰᠤᠷᠠᠯᠲᠠ ᠥᠬᠡᠶ ᠠᠭᠢᠬᠤ ᠶᠢ ᠳᠠᠭᠠᠯᠳᠤᠨ᠂ ᠪᠠᠷᠢᠯᠭ᠎ᠠ ᠶᠢᠨ ᠲᠠᠯ᠎ᠠ ᠶᠢᠨ ᠬᠢᠨ ᠣᠯᠠᠨ ᠵᠠᠮ ᠢ ᠪᠢᠲᠡᠭᠦᠮᠵᠢᠯᠡᠵᠦ᠂ | ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠵᠠᠶ᠃ ᠣᠶᠢᠷ᠎ᠠ ᠳᠤ᠂ ᠰᠤᠷᠪᠤᠯᠵᠢᠯᠠᠭᠴᠢ | ᠠᠴᠠ ᠪᠠᠷᠢᠯᠭ᠎ᠠ ᠶᠢᠨ ᠭᠠᠵᠠᠷ ᠢ ᠳᠠᠬᠢᠨᠲᠠ ᠰᠤᠷᠪᠤᠯᠵᠢᠯᠠᠵᠤ᠂ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ | | | | | | | ᠰᠢᠨᠬᠤᠸᠠ ᠶᠡᠭᠡ ᠵᠡᠭᠡᠯᠢ ᠶᠢᠨ ᠭᠤᠣᠷᠰᠦ ᠰᠦᠯᠵᠢᠶ᠎ᠡ ᠶᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ | ᠲᠠᠯᠠᠪᠠᠢ ᠳᠤ᠂ ᠰᠤᠷᠪᠤᠯᠵᠢᠯᠠᠭᠴᠢ ᠣᠯᠵᠤ ᠬᠠᠷᠠᠭᠰᠠᠨ ᠢᠶᠠᠷ᠂ ᠪᠦᠬᠦ᠋ᠢᠯᠡ ᠠᠵᠢᠯ ᠤᠨ ᠲᠠᠯᠠᠪᠠᠢ ᠶᠠᠭᠠᠷᠠᠯᠲᠠᠢ ᠪᠥᠭᠡᠳ | ᠡᠮᠬᠢ ᠳᠢᠭᠯᠢᠮ ᠲᠠᠢ ᠪᠠᠶᠢᠵᠤ᠂ ᠠᠵᠢᠯᠴᠢᠳ ᠬᠤᠶᠠᠷ ᠪᠦᠯᠦᠭ ᠬᠤᠪᠢᠶᠠᠨ ᠠᠵᠢᠯᠯᠠᠵᠤ᠂ ᠮᠠᠯᠲᠠᠭᠤᠷ ᠮᠠᠰᠢᠨ ᠢᠶᠠᠷ | ᠵᠠᠮ ᠤᠨ ᠭᠠᠳᠠᠷᠭᠤ ᠶᠢ ᠮᠠᠯᠲᠠᠵᠤ᠂ ᠰᠢᠷᠣᠢ ᠶᠢ ᠭᠠᠳᠠᠭᠰᠢ ᠵᠥᠭᠡᠭᠡᠪᠦᠷᠢᠯᠡᠵᠦ᠂ ᠰᠢᠨ᠎ᠡ ᠭᠤᠣᠷᠰᠦ ᠰᠦᠯᠵᠢᠶ᠎ᠡ ᠶᠢ | ᠪᠠᠶᠢᠭᠤᠯᠵᠤ᠂ ᠤᠰᠤ ᠵᠠᠯᠠᠬᠤ᠂ ᠤᠰᠤ ᠬᠠᠩᠭᠠᠬᠤ ᠲᠥᠬᠦᠭᠡᠷᠦᠮᠵᠢ ᠶᠢ ᠰᠢᠯᠢᠳᠡᠭᠵᠢᠭᠦᠯᠬᠦ ᠪᠠᠷ ᠪᠡᠯᠡᠳᠬᠡᠵᠦ ᠪᠠᠶᠢᠨ᠎ᠠ᠃ | ᠲᠤᠬᠠᠶ ᠶᠢᠨ ᠲᠠᠯᠠᠪᠤᠷ ᠤᠨ ᠠᠵᠢᠯᠴᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ᠂ ᠢᠦᠶ ᠼᠠᠢ ᠵᠠᠮ | ᠵᠢᠴᠢ ᠰᠢᠨᠬᠤᠸᠠ ᠶᠡᠭᠡ ᠵᠡᠭᠡᠯᠢ ᠶᠢᠨ ᠬᠡᠰᠡᠭ ᠵᠠᠮ ᠤᠨ ᠪᠠᠷᠢᠯᠭ᠎ᠠ ᠶᠠᠭ ᠰᠡᠭᠦᠯ ᠬᠤᠷᠢᠶᠠᠬᠤ ᠠᠵᠢᠯ ᠬᠢᠵᠦ ᠪᠠᠶᠢᠨ᠎ᠠ᠂ | ᠵᠢᠱᠢᠯᠲᠡ ᠪᠠᠷ 9 ᠰᠠᠷ᠎ᠠ ᠶᠢᠨ 15 ᠤ ᠡᠳᠦᠷ ᠤᠨ ᠣᠷᠴᠢᠮ ᠢᠶᠠᠷ ᠴᠠᠷᠳᠠᠮᠠᠯ ᠵᠠᠮ ᠤᠨ ᠭᠠᠳᠠᠷᠭᠤ ᠶᠢ ᠰᠡᠷᠭᠦᠭᠡᠵᠦ᠂ | ᠬᠤᠲᠠ ᠶᠢᠨ ᠠᠷᠠᠳ ᠤᠨ ᠨᠡᠪᠲᠡᠷᠡᠬᠦ ᠶᠢ ᠪᠠᠲᠤᠯᠠᠨ᠎ᠠ ᠭᠡᠵᠡᠶ᠃ | ᠪᠠᠷᠢᠯᠭ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠲᠣ ᠪᠣᠯᠲᠠᠯ᠎ᠠ᠂ ᠪᠠᠷᠢᠯᠭ᠎ᠠ ᠶᠢᠨ ᠠᠬᠢᠴᠠ ᠶᠢᠨ | 80% ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠦᠬᠦ᠋ᠢᠯᠡ ᠪᠠᠷᠠᠭᠤᠨ | ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠬᠦ ᠪᠣᠯᠤᠨ᠎ᠠ᠃ ᠣᠲᠣ ᠨᠢᠭᠡᠨᠲᠡ ᠦᠢᠯᠡᠰ | ᠪᠣᠰᠬᠠᠬᠤ ᠵᠠᠮ᠂ ᠹᠠᠩ ᠵᠧᠩ ᠵᠠᠮ᠂ ᠢᠦᠶ ᠼᠠᠢ ᠵᠠᠮ᠂ ᠴᠢᠩᠭᠢᠰ ᠬᠠᠭᠠᠨ ᠶᠡᠭᠡ ᠵᠡᠭᠡᠯᠢ ᠶᠢᠨ ᠤᠰᠤ ᠬᠠᠩᠭᠠᠬᠤ | ᠭᠤᠣᠷᠰᠦ ᠰᠦᠯᠵᠢᠶ᠎ᠡ ᠶᠢ ᠨᠡᠶᠢᠲᠡ 13000 ᠮᠧᠲᠷ ᠪᠠᠶᠢᠭᠤᠯᠪᠠ︔ ᠦᠢᠯᠡᠰ ᠪᠣᠰᠬᠠᠬᠤ ᠵᠠᠮ᠂ ᠹᠠᠩ ᠵᠧᠩ ᠵᠠᠮ᠂ | ᠬᠡᠨᠳᠠᠢ ᠵᠡᠭᠡᠯᠢ᠂ ᠠᠪᠤᠷᠭᠤ ᠭᠦᠷᠪᠡᠯ ᠶᠡᠭᠡ ᠵᠡᠭᠡᠯᠢ᠂ ᠦᠵᠦᠮᠦᠴᠢᠨ ᠵᠡᠭᠡᠯᠢ ᠶᠢᠨ ᠤᠰᠤ ᠲᠠᠲᠠᠷᠠᠭᠤᠯᠬᠤ ᠭᠤᠣᠷᠰᠦ | ᠰᠦᠯᠵᠢᠶ᠎ᠡ ᠶᠢ ᠨᠡᠶᠢᠲᠡ 6000 ᠮᠧᠲᠷ ᠳᠡᠪᠢᠰᠦᠨ ᠳᠠᠭᠤᠰᠬᠠᠪᠠ᠃ ᠣᠶᠢᠷ᠎ᠠ ᠶᠢᠨ ᠬᠤᠭᠤᠴᠠᠭᠠᠨ ᠳᠤ᠂ ᠢᠦᠶ | ᠼᠠᠢ ᠵᠠᠮ ᠪᠣᠯᠤᠨ ᠪᠠᠶᠢᠭᠠᠯ ᠵᠡᠭᠡᠯᠢ ᠶᠢᠨ ᠠᠭᠤᠯᠵᠠᠷ᠂ ᠢᠦᠶ ᠼᠠᠢ ᠵᠠᠮ ᠪᠣᠯᠤᠨ ᠰᠢᠨᠬᠤᠸᠠ ᠶᠡᠭᠡ ᠵᠡᠭᠡᠯᠢ ᠶᠢᠨ | ᠠᠭᠤᠯᠵᠠᠷ ᠵᠠᠮ ᠢ ᠪᠦᠰᠡᠯᠡᠵᠦ᠂ ᠥᠷᠭᠡᠨ ᠣᠯᠠᠨ ᠬᠤᠲᠠ ᠶᠢᠨ ᠠᠷᠠᠳ ᠭᠠᠳᠠᠭᠰᠢ ᠭᠠᠷᠬᠤ ᠵᠠᠮ ᠢ ᠤᠷᠢᠳᠴᠢᠯᠠᠨ | ᠲᠥᠯᠥᠪᠵᠢᠭᠦᠯᠵᠦ᠂ ᠭᠠᠳᠠᠭᠰᠢ ᠭᠠᠷᠬᠤ ᠳᠤ ᠳᠥᠭᠦᠮ ᠦᠭᠡᠢ ᠪᠣᠯᠤᠭᠰᠠᠨ ᠳᠤ ᠬᠤᠲᠠ ᠶᠢᠨ ᠠᠷᠠᠳ ᠤᠨ ᠢᠯᠡᠬᠦᠬᠡᠨ | ᠣᠶᠢᠯᠠᠭᠠᠬᠤ ᠶᠢ ᠬᠦᠰᠡᠵᠦ ᠪᠠᠶᠢᠨ᠎ᠠ ᠭᠡᠪᠡ᠃ | | | | | | | ᠣᠶᠢᠯᠠᠭᠠᠭᠰᠠᠨ ᠢᠶᠠᠷ᠂ ᠪᠠᠷᠠᠭᠤᠨ ᠲᠣᠭᠤᠷᠢᠭ ᠤᠨ ᠭᠤᠣᠷᠰᠦ ᠰᠦᠯᠵᠢᠶ᠎ᠡ ᠶᠢ ᠥᠭᠡᠷᠡᠴᠢᠯᠡᠬᠦ ᠢᠨᠵᠧᠨᠧᠷᠢᠩ ᠤᠨ | ᠭᠤᠤᠯ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠪᠣᠯ ᠤᠰᠤ ᠬᠠᠩᠭᠠᠬᠤ ᠬᠤᠭᠤᠯᠠᠶ ᠶᠢᠨ ᠦᠭᠡᠷᠡᠴᠢᠯᠡᠯᠳᠠ᠂ ᠤᠰᠤ | ᠵᠠᠯᠠᠬᠤ ᠬᠤᠭᠤᠯᠠᠶ ᠶᠢᠨ ᠦᠭᠡᠷᠡᠴᠢᠯᠡᠯᠳᠠ ᠵᠢᠴᠢ ᠪᠠᠶᠢᠴᠠᠭᠠᠬᠤ ᠬᠤᠳᠳᠤᠭ᠂ ᠢᠯᠴᠢ ᠶᠢᠨ ᠬᠦᠴᠦᠨ ᠤ ᠥᠷᠲᠡᠭᠡ ᠶᠢ | ᠰᠢᠨ᠎ᠡ ᠪᠠᠷ ᠪᠠᠶᠢᠭᠤᠯᠬᠤ᠂ ᠨᠢᠭᠡᠳᠦᠭᠡᠷ ᠳᠡᠰ ᠤᠨ ᠢᠯᠴᠢ ᠬᠠᠩᠭᠠᠬᠤ ᠭᠤᠣᠷᠰᠦ ᠰᠦᠯᠵᠢᠶ᠎ᠡ ᠶᠢ ᠥᠭᠡᠷᠡᠴᠢᠯᠡᠬᠦ | ᠪᠣᠯᠤᠨ᠎ᠠ᠃ ᠭᠤᠣᠷᠰᠦ ᠰᠦᠯᠵᠢᠶ᠎ᠡ ᠶᠢ ᠥᠭᠡᠷᠡᠴᠢᠯᠡᠬᠦ ᠢᠨᠵᠧᠨᠧᠷᠢᠩ ᠢ ᠳᠠᠭᠤᠰᠬᠠᠭᠰᠠᠨ ᠤ ᠲᠠᠷᠠᠭ᠎ᠠ᠂ ᠤᠰᠤᠨ ᠤ | ᠬᠠᠩᠭᠠᠯᠭ᠎ᠠ ᠬᠦᠷᠦᠯᠴᠡᠬᠦ ᠦᠭᠡᠢ᠂ ᠤᠰᠤ ᠵᠠᠯᠠᠬᠤ ᠳᠤ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠲᠦᠢᠯ ᠤᠨ | ᠶᠡᠭᠡ ᠪᠠᠷ ᠰᠢᠢᠳᠪᠣᠷᠢᠯᠡᠵᠦ᠂ ᠬᠤᠳᠠ ᠶᠢᠨ ᠤᠰᠤᠲᠤᠯ ᠢ ᠵᠠᠯᠠᠬᠤ ᠴᠢᠳᠠᠪᠤᠷᠢ ᠶᠢ ᠨᠡᠮᠡᠭᠳᠡᠭᠦᠯᠦᠨ᠂ ᠬᠤᠳᠠ ᠶᠢᠨ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ | ᠲᠦᠮᠡᠨ ᠤ ᠠᠮᠢᠳᠤᠷᠠᠯ ᠳᠤ ᠨᠡᠩ ᠲᠦᠬᠦᠮ ᠦᠵᠡᠭᠦᠯᠬᠦ ᠪᠣᠯᠤᠨ᠎ᠠ᠃ | |