ᠯᠢᠦ ᡁᠢ ᠫᠢᠩ ᠪᠠᠭᠰᠢ ᠶᠢᠨ ᠪᠠᠶᠠᠷ ᠠᠴᠠ ᠡᠮᠦᠨ᠎ᠡ ᠪᠠᠭᠰᠢ ᠨᠠᠷ ᠤᠨ ᠲᠥᠯᠥᠭᠡᠯᠡᠭᠴᠢᠳ ᠢ ᠡᠷᠭᠢᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2021/9/9
      9 ᠰᠠᠷ᠎ᠠ ᠶᠢᠨ 7 ᠤ ᠡᠳᠦᠷ᠂ 37 ᠳ᠋ᠤᠭᠠᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠤᠲᠠ ᠶᠢᠨ ᠳᠤᠮᠳᠠ᠂ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠲᠤ ᠬᠦᠷᠴᠦ ᠨᠢᠭᠡᠳᠦᠭᠡᠷ ᠹᠷᠣᠨᠲ ᠤᠨ ᠪᠠᠭᠰᠢ ᠨᠠᠷ ᠢ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃           ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠡᠳ᠋ ᠳᠠᠷᠤᠭ᠎ᠠ ᠴᠣᠭᠵᠢᠯ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ ᠲᠣᠬᠤᠨᠢᠭᠤᠯᠤᠯ ᠳᠤ ᠣᠷᠣᠯᠴᠠᠪᠠ᠃
   ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ  ᠪᠢᠨᠳᠡᠷᠢᠶ᠎ᠡ ᠶᠢ ᠲᠣᠬᠤᠨᠢᠭᠤᠯᠪᠠ         ᠯᠢᠦ ᡁᠢ ᠫᠢᠩ ᠡᠩ ᠲᠡᠷᠢᠭᠦᠨ ᠳᠤ ᠬᠤᠳᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠠᠩᠬ᠎ᠠ  ᠳᠣᠮᠳᠠ ᠶᠢᠨ ᠬᠤᠶᠠᠳᠤᠭᠠᠷ ᠣᠨ ᠤ ᠶᠣᠰᠣ ᠰᠤᠷᠲᠠᠬᠤᠨ ᠪᠣᠯᠤᠨ ᠬᠠᠣᠯᠢ ᠴᠠᠭᠠᠵᠠ ᠶᠢᠨ ᠬᠢᠴᠢᠶᠡᠯ ᠤᠨ ᠪᠠᠭᠰᠢ  ᠪᠢᠨᠳᠡᠷᠢᠶ᠎ᠡ ᠶᠢ ᠲᠣᠬᠤᠨᠢᠭᠤᠯᠵᠤ᠂ ᠲᠡᠭᠦᠨ ᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠢ ᠢᠯᠡᠳᠬᠡᠵᠡᠢ᠃ ᠯᠢᠦ ᡁᠢ ᠫᠢᠩ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠳᠤᠮᠳᠠᠳᠤ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠳ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠲᠠᠢ ᠤᠶᠠᠯᠳᠤᠭᠤᠯᠵᠤ ᠨᠠᠶᠢᠳᠠᠪᠣᠷᠢᠵᠢᠭᠤᠯᠣᠨ᠂ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂  ᠬᠡᠦᠬᠡᠳ ᠤᠨ ᠰᠡᠳᠬᠢᠯ ᠳᠤ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠪᠠᠶᠢᠬᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠦᠷ᠎ᠡ ᠶᠢ ᠰᠠᠴᠣᠬᠤ ᠬᠡᠷᠡᠭᠳᠠᠢ᠃ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠳᠤ ᠬᠠᠮᠤᠭ ᠤᠨ ᠴᠢᠬᠤᠯᠠ ᠨᠢ ᠲᠡᠳᠡᠨ ᠳᠤ ᠵᠥᠪ ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠲᠡ᠂ ᠶᠢᠷᠲᠢᠨᠴᠦ ᠶᠢᠨ ᠦᠵᠡᠯᠲᠡ ᠲᠠᠢ ᠪᠣᠯᠬᠤ ᠶᠢ ᠵᠢᠭᠠᠵᠤ ᠥᠭᠬᠦ ᠶᠠᠪᠤᠳᠠᠯ ᠪᠣᠯᠤᠨ᠎ᠠ᠃ ᠶᠣᠰᠣ ᠰᠤᠷᠲᠠᠬᠤᠨ ᠬᠢᠭᠡᠳ  ᠬᠠᠣᠯᠢ ᠴᠠᠭᠠᠵᠠ ᠶᠢᠨ ᠬᠢᠴᠢᠶᠡᠯ ᠤᠨ ᠦᠢᠯᠡᠳᠦᠯ ᠢ ᠣᠷᠣᠯᠠᠭᠤᠯᠵᠤ ᠪᠣᠯᠤᠰᠢ ᠦᠭᠡᠢ᠂ ᠬᠢᠴᠢᠶᠡᠯ ᠲᠦᠷᠦᠯ ᠤᠨ ᠪᠠᠭᠰᠢ ᠶᠢᠨ ᠬᠠᠷᠢᠭᠤᠴᠠᠯᠭ᠎ᠠ ᠬᠦᠨᠳᠦ ᠪᠠᠶᠢᠵᠦ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠲᠠᠷᠬᠠᠨ ᠡᠭᠦᠷᠭᠡ ᠶᠢ ᠡᠷᠡᠰ ᠡᠭᠦᠷᠭᠡᠯᠡᠵᠦ᠂ ᠨᠢᠭᠡ ᠰᠡᠳᠬᠢᠯ ᠢᠶᠠᠷ ᠪᠠᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠨᠡᠩ ᠤᠯᠠᠨ ᠰᠢᠯᠢᠳᠡᠭ ᠨᠡᠶᠢᠭᠡᠮ ᠵᠢᠷᠤᠮ ᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ  ᠭᠡᠵᠦ ᠱᠠᠭᠠᠷᠳᠠᠪᠠ᠃
      ᠬᠤᠲᠠ ᠶᠢᠨ ᠬᠡᠤᠬᠡᠳ ᠤᠨ ᠴᠡᠴᠡᠷᠯᠢᠭ ᠤᠨ ᠪᠠᠭᠰᠢ ᠵᠣᠣ ᠴᠤᠤ   ᠶᠢ ᠳᠣᠬᠤᠨᠢᠭᠤᠯᠪᠠ          ᠬᠤᠲᠠ ᠶᠢᠨ ᠬᠡᠤᠬᠡᠳ ᠤᠨ ᠴᠡᠴᠡᠷᠯᠢᠭ ᠲᠤ ᠯᠢᠦ ᡁᠢ ᠫᠢᠩ ᠪᠠᠭ᠎ᠠ ᠠᠩᠭᠢ ᠶᠢᠨ ᠪᠠᠭᠰᠢ ᠵᠣᠣ ᠴᠤᠤ ᠶᠢ ᠲᠣᠬᠤᠨᠢᠭᠤᠯᠵᠤ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠪᠡ᠃ ᠵᠤᠤ ᠴᠤᠤ  ᠶᠢᠨ 8 ᠵᠢᠯ ᠤᠨ ᠠᠩᠬᠢ ᠶᠢᠨ ᠡᠷᠬᠢᠯᠡᠭᠴᠢ ᠶᠢᠨ ᠠᠵᠢᠯ ᠤᠨ ᠲᠤᠷᠰᠢᠯᠭ᠎ᠠ  ᠲᠠᠢ᠂ ᠤᠯᠠᠨ ᠤᠳᠠᠭ᠎ᠠ ︽ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ︾᠂ ︽ᠰᠢᠯᠢᠳᠡᠭ ᠪᠠᠭᠰᠢ︾᠂ ︽ᠰᠢᠯᠢᠳᠡᠭ ᠦᠯᠢᠭᠡᠷᠴᠢ ︾᠂ ︽ᠦᠯᠢᠭᠡᠷ ᠶᠠᠷᠢᠬᠤ ᠴᠢᠳᠠᠪᠤᠷᠢᠲᠠᠨ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠢ ᠮᠡᠳᠡᠭᠡᠳ᠂ ᠯᠢᠦ ᡁᠢ ᠫᠢᠩ ᠬᠤᠳᠠ ᠶᠢᠨ ᠨᠠᠮ ᠤᠨ  ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠲᠡᠭᠦᠨ ᠤ ᠠᠵᠢᠯ ᠤᠨ ᠠᠮᠵᠢᠯᠲᠠ ᠶᠢ ᠮᠠᠭᠲᠠᠨ ᠰᠠᠶᠢᠰᠢᠶᠠᠵᠤ᠂ ᠲᠡᠭᠦᠨ ᠤ ᠤᠯᠠᠨ ᠵᠢᠯ ᠤᠨ ᠲᠤᠷᠰᠢᠬᠢ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠯᠢᠦ ᡁᠢ ᠫᠢᠩ ᠵᠢᠭᠠᠵᠤ ᠭᠠᠷᠭᠠᠭᠰᠠᠨ ᠨᠢ᠂ ᠬᠡᠦᠬᠡᠳ ᠤᠨ ᠴᠡᠴᠡᠷᠯᠢᠭ ᠤᠨ ᠵᠠᠯᠠᠭᠤ ᠪᠠᠭᠰᠢ ᠨᠠᠷ ᠣᠯᠠᠨ᠂ ᠵᠠᠯᠠᠭᠤ ᠪᠠᠭᠰᠢ ᠨᠠᠷ ᠶᠡᠷᠦᠩᠬᠡᠢ ᠱᠦᠵᠢ ᠰᠢ ᠶᠢᠨ ᠫᠢᠩ  ᠤᠨ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠠᠩᠬᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠰᠢᠮᠳᠠᠨ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠨ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠡᠭᠡᠯ ᠵᠢᠷ ᠤᠨ ᠦᠨᠳᠦᠰᠦᠨ ᠱᠠᠲᠤᠨ ᠤ ᠠᠵᠢᠯ ᠤᠨ ᠪᠠᠶᠢᠷᠢᠨ ᠳᠤ ᠣᠭ ᠰᠠᠨᠠᠭ᠎ᠠ ᠪᠠᠨ ᠪᠠᠲᠤ ᠰᠠᠬᠢᠵᠤ᠂ ᠪᠣᠭᠤᠮᠲᠠ ᠶᠢᠨ ᠬᠡᠤᠬᠡᠳ ᠤᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠰᠢᠨ᠎ᠡ ᠠᠮᠵᠢᠯᠲᠠ ᠪᠦᠲᠦᠮᠵᠢ ᠡᠭᠦᠳᠬᠦ ᠬᠡᠷᠡᠭᠲᠡᠶ᠃ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠬᠠᠶᠢᠷ᠎ᠠ ᠰᠡᠳᠬᠢᠯᠭᠡ᠂ ᠨᠠᠷᠢᠨ ᠨᠢᠮᠪᠠᠶ᠂ ᠬᠠᠯᠠᠭᠤᠨ ᠰᠡᠳᠬᠢᠯᠭᠡ ᠪᠠᠷ ᠬᠡᠦᠬᠡᠳ ᠨᠢᠭᠡᠪᠦᠷᠢ ᠶᠢ ᠬᠥᠮᠦᠵᠢᠭᠦᠯᠵᠦ᠂ ᠰᠣᠷᠣᠯᠴᠠᠵᠦ ᠠᠮᠠᠷᠠᠬᠤ ᠶᠢ ᠣᠶᠠᠯᠳᠣᠭᠤᠯᠣᠨ᠂ ᠡᠷᠡᠭᠦᠯ ᠴᠢᠭᠢᠷᠠᠭ ᠪᠠᠶᠠᠷ ᠪᠠᠶᠠᠰᠤᠯ ᠲᠠᠢ᠂ ᠢᠳᠡᠷᠡᠭᠦᠨ ᠢᠶᠠᠷ ᠦᠰᠦᠨ ᠪᠤᠶᠢᠵᠢᠭᠤᠯᠬᠤ ᠶᠢ ᠬᠦᠰᠡᠵᠦ ᠪᠠᠶᠢᠨ᠎ᠠ  ᠭᠡᠪᠡ  ᠃
   ᠠᠵᠢᠯ ᠠᠴᠠ ᠪᠠᠨ ᠠᠮᠠᠷᠠᠭᠰᠠᠨ ᠪᠠᠭᠰᠢ ᠰᠦᠨ ᠰᠢᠤ ᠮᠧᠶ ᠶᠢ ᠲᠣᠬᠤᠨᠢᠭᠤᠯᠪᠠ      ᠬᠤᠶᠠᠳᠤᠭᠠᠷ ᠪᠠᠭ᠎ᠠ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠰᠦᠨ ᠰᠢᠤ ᠮᠧᠶ ᠶᠢᠨ ᠭᠡᠷ ᠲᠤ᠂ ᠯᠢᠦ ᡁᠢ ᠫᠢᠩ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠤᠢᠢᠯᠠᠭᠠᠭᠰᠠᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠡᠭᠦᠨ ᠤ ᠰᠤᠷᠭᠠᠨ ᠬᠥᠮᠦᠵᠢᠯ ᠤᠨ ᠠᠵᠢᠯ ᠳᠤ ᠭᠠᠷᠭᠠᠭᠰᠠᠨ ᠵᠢᠳᠬᠦᠯ ᠳᠤ ᠲᠠᠯᠠᠷᠬᠠᠵᠤ᠂ ᠲᠡᠭᠦᠨ ᠢ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠵᠦ᠂ ︽ᠠᠬᠠᠮᠠᠳ ᠢᠶᠠᠷ ᠰᠢᠨ᠎ᠡ ᠶᠢ ᠳᠠᠶᠢᠴᠢᠯᠠᠬᠤ︾ ᠦᠢᠯᠡᠳᠦᠯ ᠢᠶᠠᠨ ᠪᠠᠳᠠᠷᠠᠭᠤᠯᠵᠤ᠂ ᠤᠯᠠᠨ ᠵᠦᠢᠯ ᠤᠨ ᠬᠡᠯᠪᠡᠷᠢ ᠪᠠᠷ ᠵᠢᠭᠠᠨ ᠰᠤᠷᠭᠠᠯᠲᠠ ᠶᠢᠨ ᠲᠤᠷᠰᠢᠯᠭ᠎ᠠ ᠤᠯᠠᠮᠵᠢᠯᠠᠵᠤ᠂ ᠬᠢᠯᠢ ᠶᠢᠨ ᠪᠣᠭᠤᠮᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠷᠬᠦᠯᠵᠢᠯᠡᠨ ᠬᠤᠪᠢ ᠨᠡᠮᠡᠷᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠠᠴᠠ ᠪᠠᠨ ᠠᠮᠠᠷᠠᠭᠰᠠᠨ ᠪᠠᠭᠰᠢ ᠠᠵᠢᠯᠲᠠᠨ ᠤ ᠠᠮᠢᠳᠤᠷᠠᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠠᠩᠬᠠᠷᠴᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠠᠴᠠ ᠪᠠᠨ ᠠᠮᠠᠷᠠᠭᠰᠠᠨ ᠪᠠᠭᠰᠢ ᠠᠵᠢᠯᠲᠠᠨ ᠤ ᠠᠮᠢᠳᠤᠷᠠᠯ ᠤᠨ ᠳᠤᠮᠳᠠᠬᠢ ᠬᠦᠴᠢᠷᠳᠡᠯ ᠢ ᠦᠨᠡᠨ ᠬᠦ ᠰᠠᠶᠢᠲᠤᠷ  ᠰᠢᠢᠳᠪᠣᠷᠢᠯᠡᠵᠦ᠂ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠣᠷᠢᠯᠡᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠭᠠᠨ ᠬᠥᠮᠦᠵᠢᠯ ᠤᠨ  ᠦᠢᠯᠡᠰ ᠤᠨ ᠴᠢᠨᠠᠷᠵᠢᠯ ᠢ ᠳᠥᠯᠭᠢᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ ᠭᠡᠪᠡ  ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号