【 ᠬᠤᠲᠠ ᠶᠢᠨ ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠳᠤ ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠬᠤᠷᠠᠯᠳᠣᠭᠠᠨ ᠢ ᠬᠤᠷᠠᠯᠳᠣᠪᠠ
ᠨᠡᠶᠢᠲᠡᠯᠡᠭᠰᠡᠨ ᠴᠠᠭ᠄
2022/1/10
      1 ᠰᠠᠷ᠎ᠠ ᠶᠢᠨ 7 ᠤ ᠡᠳᠦᠷ᠂ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠳᠤ ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠪᠠ᠃        ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠯᠢᠦ ᡁᠢ ᠫᠢᠩ᠂ ᠯᠦ ᠪᠦᠦ ᠳ᠋ᠦᠩ᠂ ᠶᠠᠨ ᠬᠤᠩ᠂ ᠴᠣᠭᠵᠢᠯ᠂ ᠶᠠᠩ ᠶᠢᠨ ᠷᠦᠢ᠂ ᠾᠧᠦ ᠶᠠᠨ ᠮᠢᠨ᠂ ᠤᠯᠠᠭᠠᠨ᠂ ᠵᠠᠩ ᠶᠢᠩ ᠵᠢᠶᠧ᠂ ᠭᠧᠩ ᡁᠢ ᠵᠢᠶᠦ᠋ᠨ᠂ ᠮᠦᠸᠧ ᠬᠤᠩ ᠵᠢᠶᠦ᠋ᠨ᠂ ᠴᠧᠨ ᠢᠦᠢ ᠴᠧᠩ᠂ ᠵᠠᠩ ᠺᠠᠢ ᠳ᠋ᠦᠩ᠂ ᠵᠠᠩ ᠯᠢ ᠴᠧᠩ᠂ ᠪᠠᠢ ᠱᠦ ᠮᠢᠩ᠂ ᠮᠠ ᠰᠦ ᠬᠤᠸᠠ᠂ ᠳ᠋ᠦᠩ ᠵᠢᠶᠧ ᠹᠧᠩ᠂ ᠸᠠᠩ ᠵᠢᠩ᠂ ᠰᠢᠤᠸᠠᠢ ᠸᠧᠨ ᠵᠢᠶᠦ᠋ᠨ᠂ ᠸᠠᠩ ᠠᠢ ᠮᠢᠩ᠂ ᠯᠸᠢ ᠢ᠂  ᠮᠠᠨᠳᠣᠬᠤ ᠬᠤᠷᠠᠯ ᠳᠤ ᠣᠷᠣᠯᠴᠠᠪᠠ᠃  
   
       ᠬᠤᠷᠠᠯ ᠤᠨ ᠠᠬᠤᠶ ᠲᠠᠯᠠᠪᠠᠢ       ᠬᠤᠷᠠᠯ ᠳᠤ ᠣᠷᠣᠯᠴᠠᠬᠤ ᠶᠣᠰᠣᠲᠠᠢ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 21 ᠬᠥᠮᠦᠨ᠂ ᠪᠣᠳᠠᠲᠠᠢ ᠣᠷᠣᠯᠴᠠᠭᠰᠠᠨ ᠨᠢ 21 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠠᠨ ᠬᠤᠩ ᠡᠷᠬᠢᠯᠡᠪᠡ᠃        ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠵᠤ ᠵᠥᠪᠳᠡᠭᠰᠡᠨ ᠵᠢᠱᠢᠭᠳᠡᠭᠰᠡᠳ ᠤᠨ ᠨᠡᠷᠡᠰ ︵ᠲᠥᠰᠦᠯ︶ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠲᠣᠭᠲᠠᠭᠠᠵᠤ᠂ ᠶᠡᠭᠡ ᠬᠤᠷᠠᠯ ᠳᠤ ᠳᠡᠪᠰᠢᠭᠦᠯᠵᠦ ᠰᠣᠩᠭᠤᠭᠤᠯᠬᠤ ᠪᠠᠷ ᠲᠣᠭᠲᠠᠪᠠ︔ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ︵ᠲᠥᠰᠦᠯ︶ ᠢ ᠪᠠᠲᠤᠯᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃ ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠰᠢᠢᠳᠪᠦᠷᠢ ︵ᠲᠥᠰᠦᠯ︶ ᠶᠢ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠢᠯ ᠤᠨ ᠰᠢᠢᠳᠪᠦᠷᠢ ︵ᠲᠥᠰᠦᠯ︶ ᠶᠢ ᠪᠠᠲᠤᠯᠠᠬᠤ ᠶᠢᠨ ᠬᠠᠮᠲᠤ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃ ᠬᠤᠷᠠᠯ ᠠᠴᠠ ᠪᠠᠰᠠ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠰᠠᠨᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号