【 ᠬᠤᠲᠠ ᠶᠢᠨ ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯᠳᠣᠭᠠᠨ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/1/10
    1 ᠰᠠᠷ᠎ᠠ ᠶᠢᠨ 6 ᠤ ᠡᠳᠦᠷ᠂ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠪᠠ᠃        ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠯᠢᠦ ᡁᠢ ᠫᠢᠩ᠂ ᠶᠠᠨ ᠬᠤᠩ᠂ ᠶᠠᠩ ᠶᠢᠨ ᠷᠦᠢ᠂ ᠾᠧᠦ ᠶᠠᠨ ᠮᠢᠨ᠂ ᠤᠯᠠᠭᠠᠨ᠂ ᠵᠠᠩ ᠶᠢᠩ ᠵᠢᠶᠧ᠂ ᠭᠧᠩ ᡁᠢ ᠵᠢᠶᠦ᠋ᠨ᠂ ᠮᠦᠤᠤ ᠬᠤᠩ ᠵᠢᠶᠦ᠋ᠨ᠂ ᠵᠠᠩ ᠺᠠᠶ ᠳ᠋ᠦᠩ᠂ ᠵᠠᠩ ᠯᠢ ᠴᠧᠩ᠂ ᠪᠠᠶ ᠱᠣ᠋ ᠮᠢᠩ᠂ ᠮᠠ ᠰᠦ ᠬᠤᠸᠠ᠂ ᠳ᠋ᠦᠩ ᠵᠢᠶᠧ ᠹᠤᠩ᠂ ᠸᠠᠩ ᠵᠢᠩ᠂ ᠰᠢᠤᠸᠠᠢ ᠸᠤᠨ ᠵᠢᠶᠦ᠋ᠨ᠂ ᠸᠠᠩ ᠠᠶ ᠮᠢᠩ᠂ ᠯᠸᠢ ᠢ᠂ ᠮᠠᠨᠳᠣᠬᠤ ᠬᠤᠷᠠᠯ ᠳᠤ ᠣᠷᠣᠯᠴᠠᠪᠠ᠃        ᠬᠤᠷᠠᠯ ᠳᠤ ᠣᠷᠣᠯᠴᠠᠬᠤ ᠶᠣᠰᠣᠲᠠᠢ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 21 ᠬᠥᠮᠦᠨ᠂ ᠪᠣᠳᠠᠲᠠᠢ ᠣᠷᠣᠯᠴᠠᠭᠰᠠᠨ ᠨᠢ 18 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠠᠨ ᠬᠤᠩ ᠡᠷᠬᠢᠯᠡᠪᠡ᠃   ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠲᠥᠯᠥᠪᠯᠡᠭᠡ ᠪᠠ ᠲᠥᠰᠦᠪ ᠢ ᠬᠢᠨᠠᠨ ᠪᠠᠶᠢᠴᠠᠭᠠᠬᠤ ᠺᠣᠮᠢᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠡᠳ᠋ ᠤᠨ ᠵᠠᠰᠠᠭ ᠤᠨ ᠲᠥᠰᠦᠪ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠪᠠᠲᠤᠯᠠᠬᠤ ᠶᠢᠨ ᠬᠠᠮᠲᠤ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃       ᠬᠤᠷᠠᠯᠳᠤᠭᠠᠨ ᠠᠴᠠ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠶᠡᠷᠦᠩᠬᠡᠶ ᠫᠢᠶᠣᠣ ᠬᠢᠨᠠᠭᠴᠢ᠂ ᠫᠢᠶᠣᠣ ᠬᠢᠨᠠᠭᠴᠢ᠂ ᠫᠢᠶᠣᠣ ᠪᠦᠷᠢᠳᠬᠡᠭᠴᠢ ᠶᠢᠨ ᠨᠡᠷᠡᠰ ︵ᠲᠥᠰᠦᠯ︶ ᠢ ᠶᠠᠷᠢᠯᠴᠠᠨ ᠳᠤᠷᠠᠳᠤᠭᠰᠠᠨ ᠪᠥᠭᠡᠳ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠶᠠᠷᠢᠯᠴᠠᠭᠤᠯᠬᠤ ᠪᠠᠷ ᠲᠣᠭᠲᠠᠪᠠ᠃        ᠬᠤᠷᠠᠯ ᠠᠴᠠ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠢ ᠪᠠᠶᠢᠭᠤᠯᠬᠤ ᠲᠤᠬᠠᠶ ᠲᠣᠭᠲᠠᠭᠠᠯ ︵ᠲᠥᠰᠦᠯ︶᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠺᠣᠮᠢᠰ ᠤᠨ ᠪᠦᠷᠢᠯᠳᠦᠬᠦᠨ ᠤ ᠨᠡᠷᠡᠰ ︵ᠲᠥᠰᠦᠯ︶᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠺᠣᠮᠢᠰ ᠢ ᠪᠠᠶᠢᠭᠤᠯᠬᠤ ᠲᠤᠬᠠᠶ ᠲᠣᠭᠲᠠᠭᠠᠯ ︵ᠲᠥᠰᠦᠯ︶᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠺᠣᠮᠢᠰ ᠤᠨ ᠪᠦᠷᠢᠯᠳᠦᠬᠦᠨ ᠤ ᠨᠡᠷᠡᠰ ︵ᠲᠥᠰᠦᠯ︶ ᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠤᠯᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号