ᠪᠥᠬᠦ ᠬᠤᠲᠠ ᠶᠢᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/11
    ᠬᠢᠵᠢᠭ ᠢ ᠰᠡᠷᠭᠡᠶᠢᠯᠡᠬᠦ ᠬᠠᠮᠲᠤ ᠶᠢᠨ ᠬᠠᠯᠬᠠᠪᠴᠢ ᠶᠢ ᠲᠦᠷᠭᠡᠪᠴᠢᠯᠡᠨ ᠪᠠᠶᠢᠭᠤᠯᠵᠤ᠂ 60 ᠨᠠᠰᠤᠨ ᠠᠴᠠ ᠳᠡᠭᠡᠭᠰᠢᠬᠢ ᠬᠥᠮᠦᠰ ᠲᠤ ᠸᠠᠺᠼᠢᠨ ᠤ ᠲᠠᠷᠢᠯᠭ᠎ᠠ ᠶᠢᠨ ᠰᠢᠨ᠎ᠡ ᠠᠵᠢᠯ ᠢ ᠰᠠᠶᠢᠲᠤᠷ ᠬᠢᠬᠦ ᠶᠢᠨ ᠲᠤᠯᠠᠳᠠ᠂ 1 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠯᠢ ᠴᠧᠩ ᠪᠥᠬᠦ ᠬᠤᠲᠠ ᠶᠢᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠸᠠᠩ ᠳ᠋ᠦᠩ ᠱᠧᠩ ᠣᠷᠣᠯᠴᠠᠪᠠ᠃ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠨᠢ 70% ᠠᠴᠠ ᠳᠣᠷᠣᠭᠰᠢᠬᠢ ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠵᠢᠴᠢ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠨ᠎ᠠ᠃    
   
   ᠬᠤᠷᠠᠯ ᠤᠨ ᠠᠬᠤᠶ ᠲᠠᠯᠠᠪᠠᠢ        ᠬᠤᠷᠠᠯ ᠠᠴᠠ᠂ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠭᠡᠵᠦ ᠪᠠᠶᠢᠭ᠎ᠠ ᠪᠣᠯᠬᠤᠷ ᠬᠢᠵᠢᠭ ᠢ ᠰᠡᠷᠭᠡᠶᠢᠯᠡᠬᠦ ᠶᠢ ᠪᠠᠶᠢᠭᠤᠯᠬᠤ ᠨᠢ ᠲᠦᠢᠯ ᠤᠨ ᠴᠢᠬᠤᠯᠠ ᠶᠤᠮ᠃ ᠰᠢᠨ᠎ᠡ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠬᠠᠮᠤᠭ ᠤᠨ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ᠂ ᠰᠢᠨ᠎ᠡ ᠸᠠᠺᠼᠢᠨ ᠤ ᠲᠠᠷᠢᠯᠭ᠎ᠠ ᠶᠢᠨ ᠲᠤᠭ᠎ᠠ ᠪᠠᠷᠢᠮᠲᠠ ᠶᠢ ᠡᠳᠦᠷ ᠪᠦᠷᠢ ᠰᠢᠨᠡᠳᠬᠡᠵᠦ ᠪᠠᠶᠢᠭ᠎ᠠ ᠨᠢ ᠨᠢᠭᠡᠨ ︽ᠠᠬᠢᠴᠠ ᠶᠢᠨ ᠬᠦᠰᠦᠨᠦᠭᠲᠦ︾ ᠶᠢ ᠦᠵᠡᠭᠦᠯᠵᠦ ᠪᠠᠶᠢᠭ᠎ᠠ ᠮᠥᠷᠲᠡᠭᠡᠨ ᠪᠠᠰᠠ ᠨᠢᠭᠡᠨ ︽ᠳᠠᠶᠢᠴᠢᠯᠠᠯᠲᠠ ᠶᠢᠨ ᠵᠠᠷᠯᠢᠭ︾ ᠢ ᠨᠡᠶᠢᠲᠡᠯᠡᠵᠦ ᠪᠠᠶᠢᠭ᠎ᠠ ᠶᠠᠪᠤᠳᠠᠯ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ 60 ᠨᠠᠰᠤᠨ ᠠᠴᠠ ᠳᠡᠭᠡᠭᠰᠢᠬᠢ ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ︽ᠡᠭᠦᠷᠭᠡ ᠶᠢᠨ ᠲᠤᠭ᠎ᠠ︾ ᠶᠣᠰᠣᠭᠠᠷ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠪᠦᠯᠬᠦᠮ ᠠᠴᠠ ᠲᠠᠷᠢᠯᠭ᠎ᠠ ᠶᠢᠨ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ᠃ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠣᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠨ᠂ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠤᠬᠠᠭᠤᠯᠤᠨ ᠳᠠᠶᠢᠴᠢᠯᠠᠬᠤ ᠠᠵᠢᠯ ᠢ ᠥᠷᠭᠡᠨ ᠢᠶᠠᠷ ᠥᠷᠨᠢᠭᠦᠯᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠲᠠᠷᠢᠯᠭ᠎ᠠ ᠲᠠᠷᠢᠬᠤ ᠬᠦᠰᠡᠯ ᠪᠠ ᠢᠲᠡᠭᠡᠯ ᠢ ᠨᠡᠮᠡᠭᠳᠡᠭᠦᠯᠦᠨ᠂ ᠮᠠᠨ ᠤ ᠬᠤᠲᠠ ᠶᠢᠨ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃    ᠬᠤᠷᠠᠯ ᠳᠡᠭᠡᠷ᠎ᠡ᠂ ᠸᠠᠩ ᠳ᠋ᠦᠩ ᠱᠧᠩ ᠡᠯ᠎ᠡ ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠰᠢᠨ᠎ᠡ ᠸᠠᠺᠼᠢᠨ ᠤ ᠲᠠᠷᠢᠯᠭ᠎ᠠ ᠶᠢᠨ ᠪᠠᠶᠢᠳᠠᠯ ᠤᠨ ᠲᠤᠬᠠᠶ ᠵᠠᠷᠯᠠᠨ ᠮᠡᠳᠡᠭᠳᠡᠪᠡ᠃ ᠡᠯ᠎ᠡ ᠨᠢᠭᠡᠴᠡ ᠶᠢᠨ ᠬᠠᠷᠢᠭᠤᠴᠠᠯᠭᠠᠲᠠᠨ 60 ᠨᠠᠰᠤᠨ ᠠᠴᠠ ᠳᠡᠭᠡᠭᠰᠢᠬᠢ ᠬᠥᠮᠦᠰ ᠤᠨ ᠰᠢᠨ᠎ᠡ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠬᠢᠵᠠᠭᠠᠷᠯᠠᠬᠤ ᠬᠦᠴᠦᠨ ᠵᠦᠢᠯ ᠪᠠ ᠪᠣᠳᠠᠲᠠᠶ ᠪᠠᠶᠢᠳᠠᠯ ᠢ ᠲᠤᠲᠤᠷᠬᠠᠶᠢᠯᠠᠬᠤ ᠶᠢᠨ ᠬᠠᠮᠲᠤ ᠲᠤᠰᠬᠠᠶ ᠮᠡᠷᠭᠡᠵᠢᠯᠲᠡᠨ ᠠᠴᠠ ᠲᠤᠬᠠᠶ ᠶᠢᠨ ᠲᠠᠯᠠᠪᠤᠷ ᠲᠤ ᠦᠨᠡᠯᠡᠨ ᠵᠠᠳᠠᠯᠤᠯᠲᠠ ᠬᠢᠵᠦ᠂ ᠡᠯ᠎ᠡ ᠨᠡᠶᠢᠭᠡᠮ ᠲᠣᠭᠤᠷᠢᠭ ᠵᠢᠴᠢ ᠲᠤᠰᠬᠠᠶ ᠮᠡᠷᠭᠡᠵᠢᠯᠲᠡᠳ ᠢ ᠬᠤᠪᠢᠶᠠᠷᠢᠯᠠᠨ ᠬᠠᠮᠵᠢᠯᠴᠠᠭᠤᠯᠤᠨ ᠠᠬᠢᠭᠤᠯᠤᠨ᠎ᠠ ᠭᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号