2022 ᠣᠨ ᠤ ᠪᠦᠬᠦ ᠬᠤᠳᠠ ᠶᠢᠨ  ᠳᠣᠯᠠᠭᠠᠨ‌ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ ᠯᠢᠦ ᡁᠢ ᠫᠢᠩ ᠣᠷᠣᠯᠴᠠᠵᠠᠢ
ᠨᠡᠶᠢᠲᠡᠯᠡᠭᠰᠡᠨ ᠴᠠᠭ᠄
2022/1/11
      ᠥᠷᠭᠡᠨ ᠣᠯᠠᠨ ᠰᠠᠶᠢᠨ ᠳᠣᠷᠠᠴᠣᠳ ᠢ ᠬᠥᠲᠥᠯᠥᠨ ᠵᠢᠯᠣᠭᠤᠳᠬᠤ ᠪᠠ ᠳᠠᠶᠢᠴᠢᠯᠠᠬᠤ ᠳᠤ ᠬᠠᠶᠢᠷ᠎ᠠ ᠬᠠᠯᠠᠮᠵᠢ ᠬᠦᠷᠭᠡᠬᠦ ᠶᠢᠨ ᠳᠣᠯᠠᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠳᠤ ᠬᠠᠯᠠᠭᠤᠨ ᠥᠷᠨᠢᠯᠲᠡ ᠭᠠᠷᠭᠠᠬᠤ ᠶᠢ ᠠᠬᠢᠭᠤᠯᠵᠤ᠂ ᠪᠦᠬᠦ ᠨᠡᠶᠢᠭᠡᠮ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠭᠦᠳᠬᠦ ᠠᠭᠤᠷ ᠠᠮᠢᠰᠬᠤᠯ ᠢ ᠪᠤᠢ ᠪᠣᠯᠭᠠᠵᠤ᠂ 1 ᠰᠠᠷ᠎ᠠ ᠶᠢᠨ 10 ᠤ ᠡᠳᠦᠷ᠂ ᠮᠠᠨ ᠤ ᠬᠤᠳᠠ ᠶᠢᠨ ︽ᠪᠠᠶᠠᠷ ᠤᠨ ᠡᠳᠦᠷ ᠪᠣᠯᠪᠠᠰᠤᠨ ᠢ ᠡᠷᠬᠢᠮᠯᠡᠵᠦ᠂ ᠰᠠᠶᠢᠨ ᠳᠤᠷ᠎ᠠ ᠶᠢᠨ ᠬᠠᠶᠢᠷ᠎ᠠ ᠬᠠᠯᠠᠮᠵᠢ ᠶᠢᠨ ᠠᠶᠠᠯᠠᠯ︾ ᠤᠨ ᠡᠪᠦᠯ ᠤᠨ ᠡᠳᠦᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠷᠠᠯ ᠳᠤ ᠣᠷᠣᠯᠴᠠᠭᠰᠠᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠶ ᠳ᠋ᠦᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠯᠢ ᠴᠧᠩ ᠶᠣᠰᠣᠯᠠᠯ ᠳᠤ ᠣᠷᠣᠯᠴᠠᠪᠠ᠃
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠰᠠᠶᠢᠨ ᠳᠣᠷᠠᠴᠣᠳ ᠨᠢᠭᠡᠳᠦᠯᠲᠡᠢ ᠬᠤᠪᠴᠠᠰᠦ ᠪᠠᠨ ᠡᠮᠦᠰᠴᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠣᠷᠢᠭ   ᠢᠶᠠᠨ ᠢᠯᠡᠳᠬᠡᠪᠡ᠃ ᠯᠢᠦ ᡁᠢ ᠫᠢᠩ ︽ ᠪᠠᠶᠠᠷ ᠤᠨ ᠡᠳᠦᠷ ᠪᠣᠯᠪᠠᠰᠤᠨ ᠢ ᠡᠷᠬᠢᠮᠯᠡᠵᠦ᠂ ᠰᠠᠶᠢᠨ ᠳᠤᠷ᠎ᠠ ᠶᠢᠨ ᠬᠠᠶᠢᠷ᠎ᠠ ᠬᠠᠯᠠᠮᠵᠢ ᠶᠢᠨ ᠠᠶᠠᠯᠠᠯ  ︾ ᠤᠨ  ᠳᠤᠯᠠᠭᠠᠨ ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠥᠬᠦ ᠲᠠᠯ᠎ᠠ ᠪᠠᠷ ᠡᠬᠢᠯᠡᠭᠰᠡᠨ ᠢ ᠵᠠᠷᠯᠠᠪᠠ᠃
     ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠯᠪᠣᠭ᠎ᠠ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮᠯᠢᠭ᠂ ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠠᠵᠢᠯᠯᠠᠭ᠎ᠠ᠂ ︽ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠬᠦᠯᠪᠡ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠳᠤ ᠪᠠᠰᠠ ︽ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠳᠤ ᠣᠷᠣᠯᠴᠠᠭᠰᠠᠨ ᠬᠤᠲᠠ ᠶᠢᠨ ᠤᠳᠤᠷᠢᠳᠤᠯᠭ᠎ᠠ ᠪᠣᠯᠤᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠲᠤᠬᠠᠶ ᠶᠢᠨ ᠲᠠᠯᠠᠪᠤᠷ ᠲᠤ ᠬᠦᠴᠢᠷᠳᠡᠯ ᠳᠤ ᠲᠤᠯᠭᠠᠷᠠᠭᠰᠠᠨ 29 ᠬᠡᠤᠬᠡᠳ ᠲᠤ ︽ ᠵᠢᠵᠢᠭᠬᠡᠨ ᠬᠦᠰᠡᠯ︾ ᠢ ᠨᠢ ᠪᠡᠶᠡᠯᠡᠭᠦᠯᠵᠦ᠂ ᠲᠡᠳᠡᠨ ᠳᠤ ᠪᠠᠶᠠᠷ ᠤᠨ ᠡᠳᠦᠷ ᠤᠨ ᠪᠡᠯᠡᠭ ᠬᠦᠷᠭᠡᠪᠡ᠃ ᠪᠡᠯᠡᠭ ᠢᠶᠠᠨ ᠣᠯᠤᠭᠰᠠᠨ ᠤ ᠳᠠᠷᠠᠭ᠎ᠠ᠂ ᠬᠡᠦᠬᠡᠳ ᠤᠳ ᠥᠪᠡᠷ ᠤᠨ ᠬᠢᠭᠰᠡᠨ ᠪᠠᠶᠠᠷ ᠤᠨ ᠺᠠᠷᠲ ᠢᠶᠠᠷ ᠢᠶᠠᠨ ᠲᠠᠯᠠᠷᠬᠠᠯ ᠢᠶᠠᠨ ᠢᠯᠡᠳᠬᠡᠵᠦ᠂ ᠠᠪᠠᠭ᠎ᠠ ᠠᠨᠢᠶ᠎ᠠ ᠨᠠᠷ ᠲᠠᠭᠠᠨ ᠰᠠᠶᠢᠲᠤᠷ ᠰᠤᠷᠤᠯᠴᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠬᠦ ᠠᠮᠠᠯᠠᠯᠲᠠ ᠪᠠᠨ ᠳᠡᠪᠰᠢᠭᠦᠯᠪᠡ᠃
   ᠳᠠᠷᠠᠭ᠎ᠠ ᠨᠢ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠂ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠰᠠᠯᠪᠤᠷᠢ ᠶᠢᠨ ᠪᠠᠭ᠎ᠠ ᠠᠩᠬᠢ ᠶᠢᠨ ᠬᠢᠨ ᠲᠠᠢ ᠬᠠᠮᠲᠤᠷᠠᠨ ᠬᠡᠰᠡᠭ ᠬᠦᠴᠢᠷᠳᠡᠯᠲᠡᠢ ᠤᠯᠠᠨ ᠲᠦᠮᠡᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂  ᠬᠦᠭᠵᠢᠯ ᠤᠨ ᠪᠡᠷᠬᠡᠰᠢᠶᠡᠯᠳᠡᠨ ᠵᠢᠴᠢ ᠭᠡᠷ ᠲᠡᠭᠡᠨ ᠬᠤᠴᠣᠷᠤᠭᠰᠠᠨ ᠨᠠᠰᠤᠲᠠᠳ ᠤᠨ ᠳᠤᠮᠳᠠ ᠭᠦᠨᠵᠡᠭᠡᠶᠢᠷᠡᠵᠦ᠂ ᠠᠮᠤ ᠪᠤᠳᠠᠭ᠎ᠠ᠂ ᠭᠤᠯᠢᠷ᠂ ᠲᠤᠰᠤ᠂ ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠤᠨ ᠰᠣᠩᠭᠤᠳᠠᠭ ᠳᠠᠭᠤᠤ ᠨᠤᠭᠤᠳ ᠢ ᠬᠦᠷᠭᠡᠵᠦ᠂ ᠪᠠᠶᠠᠷ ᠤᠨ ᠡᠳᠦᠷ ᠤᠨ ᠵᠥᠩᠨᠡᠯ ᠪᠣᠯᠤᠨ ᠬᠠᠶᠢᠷ᠎ᠠ ᠬᠠᠯᠠᠮᠵᠢ ᠶᠢ ᠲᠡᠳᠡᠨ ᠤ ᠰᠡᠳᠬᠢᠯ ᠳᠤ ᠬᠦᠷᠭᠡᠵᠡᠢ᠃
       ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠲᠥᠪ ᠠᠴᠠ ᠳᠣᠯᠭᠠᠨ ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ︽ᠪᠢᠳᠡᠨ ᠤ ᠪᠠᠶᠠᠷ ᠤᠨ ᠡᠳᠦᠷ︾ ᠵᠡᠷᠭᠡ ᠭᠤᠤᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠬᠤ ᠪᠣᠯᠤᠨ᠎ᠠ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠬᠦᠴᠢᠷᠳᠡᠯ ᠲᠠᠢ ᠣᠯᠠᠨ ᠢ ᠲᠣᠬᠤᠨᠢᠭᠤᠯᠬᠤ᠂ ᠪᠠᠶᠠᠷ ᠪᠠᠶᠠᠰᠤᠯ ᠢ ᠦᠨᠳᠦᠰᠦᠨ ᠱᠠᠲᠤᠨ ᠳᠤ ᠬᠦᠷᠭᠡᠬᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠢᠷᠥᠭᠡᠯ ᠳᠡᠪᠰᠢᠭᠦᠯᠬᠦ᠂ ᠪᠣᠯᠪᠠᠰᠤᠨ ᠪᠥᠭᠡᠳ ᠠᠷᠪᠢᠴᠢ ᠭᠠᠮᠲᠠᠶ ᠪᠠᠶᠢᠬᠤ ᠶᠢ ᠰᠠᠨᠠᠭᠠᠴᠢᠯᠠᠬᠤ᠂ ᠭᠡᠷ ᠲᠡᠭᠡᠨ ᠬᠠᠷᠢᠬᠤ ᠵᠠᠮ ᠢ ᠳᠤᠯᠠᠭᠠᠴᠠᠭᠤᠯᠬᠤ ᠵᠡᠷᠭᠡ ᠤᠯᠠᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠲᠠᠭᠤᠨ ᠢ ᠳᠠᠮᠵᠢᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠦᠨ᠎ᠡ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号