ᠠᠷᠠᠳ ᠤᠨ ᠴᠠᠭᠳᠠᠭ᠎ᠠ ᠳᠤ ᠪᠠᠶᠠᠷ ᠤᠨ ᠡᠳᠦᠷ ᠤᠨ ᠮᠡᠨᠳᠦ ᠬᠦᠷᠭᠡᠶ᠎ᠡ
ᠨᠡᠶᠢᠲᠡᠯᠡᠭᠰᠡᠨ ᠴᠠᠭ᠄
2022/1/11
      ᠰᠠᠶᠢᠨ ᠪᠠᠶᠢᠨ᠎ᠠ  ᠦᠦ᠂ 110  ᠂ 1 ᠰᠠᠷ᠎ᠠ ᠶᠢᠨ 10 ᠤ ᠡᠳᠦᠷ᠂ ᠡᠨᠡ ᠪᠣᠯ ᠠᠮᠠᠷᠠᠯᠲᠠ ᠶᠢᠨ ᠬᠤᠭᠤᠴᠠᠭ᠎ᠠ ᠦᠭᠡᠢ ᠪᠠᠶᠠᠷ ᠤᠨ ᠡᠳᠦᠷ ᠪᠣᠯᠤᠨ᠎ᠠ᠂ ᠡᠷᠢᠶᠡᠨ ᠬᠤᠳᠠ ᠶᠢᠨ ᠬᠢᠯᠢ ᠶᠢᠨ ᠪᠠᠶᠢᠴᠠᠭᠠᠯᠲᠠ ᠶᠢᠨ ᠠᠵᠢᠯᠲᠠᠳ ᠮᠥᠨ ᠯᠡ  ᠠᠵᠢᠯ ᠤᠨ ᠪᠠᠶᠢᠷᠢ ᠳᠠᠭᠠᠨ ᠠᠵᠢᠯᠯᠠᠭᠰᠠᠭᠠᠷ ᠪᠠᠶᠢᠨ᠎ᠠ᠂ ᠴᠠᠭᠳᠠᠭ᠎ᠠ ᠶᠢᠨ ᠪᠠᠶᠠᠷ ᠤᠨ ᠡᠳᠦᠷ ᠨᠢᠭᠡ ᠯᠡ ᠡᠳᠦᠷ ᠪᠠᠶᠢᠪᠠᠴᠤ ᠮᠠᠨ ᠤ ᠠᠵᠢᠯ ᠤᠨ ᠪᠠᠶᠢᠷᠢ ᠳᠡᠭᠡᠷᠡᠬᠢ ᠡᠳᠦᠷ ᠪᠣᠯᠭᠠᠨ ᠴᠥᠮ ᠠᠷᠠᠳ ᠲᠦᠮᠡᠨ ᠤ ᠠᠮᠤᠷ ᠠᠮᠤᠭᠤᠯᠠᠩ ᠤᠨ ᠡᠳᠦᠷ ᠪᠣᠯᠤᠨ᠎ᠠ᠃  
  ᠲᠡᠳᠡ ᠠᠯᠬᠤᠮ ᠢᠶᠠᠷ ᠢᠶᠠᠨ ᠬᠢᠯᠢ ᠶᠢᠨ ᠱᠤᠭᠤᠮ ᠢ ᠬᠡᠮᠵᠢᠵᠦ᠂  ᠡᠬᠦᠷᠭᠡ ᠬᠠᠷᠢᠭᠤᠴᠠᠯᠭ᠎ᠠ ᠪᠠᠷ ᠢᠶᠠᠨ ᠪᠠᠲᠤ ᠪᠠᠬᠢ ᠬᠡᠷᠡᠮ ᠬᠠᠨ᠎ᠠ ᠶᠢ ᠴᠣᠭᠴᠠᠯᠠᠵᠤ᠂ ᠵᠠᠯᠠᠭᠤ ᠨᠠᠰᠤ ᠪᠠᠨ ᠤᠯᠤᠰ ᠣᠷᠣᠨ ᠪᠠ ᠢᠲᠡᠭᠡᠯ ᠪᠢᠰᠢᠷᠡᠯ ᠳᠡᠭᠡᠨ ᠡᠷᠬᠦᠨ᠎ᠡ᠃  
  2022 ᠣᠨ ᠤ 1 ᠰᠠᠷ᠎ᠠ ᠶᠢᠨ 10 ᠤ ᠡᠳᠦᠷ᠂ ᠪᠠᠭᠠᠲᠤᠷᠴᠤᠳ ᠤᠨ ᠡᠩᠨᠡᠭᠡ ᠳᠠᠬᠢᠨᠲᠠ ᠥᠪᠡᠷ ᠤᠨ ᠢᠶᠠᠨ ᠪᠠᠶᠠᠷ ᠤᠨ ᠡᠳᠦᠷ — ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠤᠭᠲᠤᠨ ᠠᠪᠤᠯ᠎ᠠ᠃       ᠨᠢᠭᠡ ᠵᠢᠯ ᠤᠨ ᠲᠤᠷᠰᠢ᠂ ᠡᠷᠢᠶᠡᠨ ᠤ ᠬᠢᠯᠢ ᠶᠢᠨ ᠪᠠᠶᠢᠴᠠᠭᠠᠯᠲᠠ ᠶᠢᠨ ᠠᠵᠢᠯᠲᠠᠳ ᠢᠮᠠᠭᠲᠠ ᠡᠭᠦᠨ ᠢᠶᠠᠷ ᠵᠣᠷᠢᠭᠵᠢᠭᠤᠯᠤᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠬᠠᠯᠠᠮᠵᠢᠯᠠᠯ ᠢᠶᠠᠷ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠤᠮᠳᠠᠳᠤ ᠤᠯᠤᠰ ᠤᠨ ᠬᠢᠯᠢ ᠶᠢᠨ ᠪᠠᠶᠢᠴᠠᠭᠠᠯᠲᠠ︾ ᠭᠡᠬᠦ ᠡᠨᠡᠬᠦ ᠤᠯᠤᠰ ᠤᠨ ᠨᠡᠷ᠎ᠡ ᠶᠢᠨ ᠬᠠᠭᠤᠳᠠᠰᠤ ᠶᠢ ᠲᠠᠰᠤᠷᠠᠯᠳᠠ ᠦᠭᠡᠢ  ᠰᠢᠨᠡᠳᠬᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号